ᠲᠥᠷᠥ ᠶᠢᠨ ᠵᠢᠩᠬᠢᠨᠢ ᠠᠯᠪᠠᠨ ᠤ ᠭᠦᠢᠴᠡᠳᠭᠡᠬᠦ ᠠᠯᠪᠠᠨ ᠲᠤᠰᠢᠶᠠᠯ ᠤᠨ ᠲᠤᠰᠬᠠᠢ ᠰᠢᠯᠭᠠᠯᠲᠠ ᠊ᠳᠤ ᠲᠡᠩᠴᠡᠨ ᠲᠥᠷᠥ ᠶᠢᠨ ᠵᠠᠬᠢᠷᠭᠠᠨ ᠊ᠤ ᠨᠡᠷ᠎ᠡ ᠬᠦᠨᠳᠦᠲᠡᠢ᠂ ᠬᠠᠷᠢᠭᠤᠴᠠᠯᠭ᠎ᠠ ᠲᠠᠢ ᠠᠯᠪᠠᠨ ᠲᠤᠰᠢᠶᠠᠯ ᠊ᠳᠤ ᠲᠣᠮᠢᠯᠠᠭᠳᠠᠨ ᠠᠵᠢᠯᠯᠠᠵᠤ ᠪᠤᠢ ᠼᠠ᠊ ᠬᠥ᠊ ᠬᠠ᠊ ᠬᠣ᠊ ᠍-᠊ᠤ ᠨᠡᠶᠢᠲᠡ ᠑᠘ ᠠᠯᠪᠠᠨ ᠬᠠᠭᠠᠭᠴᠢ ᠥᠨᠥᠳᠥᠷ /᠒᠐᠒᠓.᠐᠔.᠐᠗/ ᠲᠠᠩᠭᠠᠷᠢᠭ ᠢᠶᠠᠨ ᠡᠷᠭᠦᠯ᠎ᠡ᠃
ᠶᠣᠰᠣᠯᠠᠯ ᠤᠨ ᠠᠵᠢᠯᠯᠠᠭ᠎ᠠ ᠶᠢ ᠨᠡᠭᠡᠭᠡᠵᠦ ᠼᠠ᠊ ᠬᠥ᠊ ᠬᠠ᠊ ᠬᠣ᠊ -᠊ᠤ ᠳᠡᠳ᠋ ᠰᠠᠶᠢᠳ ᠵ ∙ ᠡᠷᠬᠢᠮᠪᠠᠭᠠᠲᠤᠷ᠄
ᠲᠥᠷᠦ ᠊ᠢᠢᠨ ᠵᠢᠩᠬᠢᠨᠢ ᠠᠯᠪᠠᠨ ᠬᠠᠭᠠᠭᠴᠢ ᠪᠣᠯᠵᠤ ᠨᠡᠷ᠎ᠡ ᠬᠦᠨᠳᠦᠲᠡᠢ᠂ ᠠᠮᠠᠷ ᠦᠭᠡᠢ᠂ ᠬᠠᠷᠢᠭᠤᠴᠠᠯᠭ᠎ᠠ ᠲᠠᠢ ᠠᠯᠪᠠ ᠢ ᠬᠠᠰᠢᠬᠤ ᠪᠠᠷ ᠲᠠᠩᠭᠠᠷᠢᠭ ᠡᠷᠭᠦᠵᠦ ᠪᠠᠶᠢᠭ᠎ᠠ ᠠᠯᠪᠠᠨ ᠬᠠᠭᠠᠭᠴᠢᠳ ᠲᠤ ᠪᠠᠨ ᠪᠠᠶᠠᠷ ᠬᠦᠷᠭᠡᠶ᠎ᠡ᠃ ᠲᠥᠷᠦ ᠊ᠢᠢᠨ ᠠᠯᠪᠠ ᠶᠢ ᠲᠦᠭᠦᠴᠢᠭᠡᠯᠡᠨ ᠤᠯᠤᠰ ᠡᠬᠡ ᠣᠷᠣᠨ ᠤ ᠪᠠᠨ ᠢᠷᠡᠭᠡᠳᠦᠢ ᠢ ᠭᠡᠷᠡᠯ ᠭᠡᠭᠡ ᠲᠡᠢ ᠠᠪᠴᠤ ᠶᠠᠪᠤᠬᠤ ᠬᠦᠨᠳᠦ ᠲᠡᠢ ᠡᠭᠦᠷᠭᠡ ᠬᠦᠯᠢᠶᠡᠭᠰᠡᠨ ᠵᠠᠯᠠᠭᠤᠰ ᠲᠠ ᠪᠦᠬᠦᠨ ᠡᠷᠭᠦᠭᠰᠡᠨ ᠲᠠᠩᠭᠠᠷᠢᠭ ᠲᠤ ᠪᠠᠨ ᠦᠨᠡᠨᠴᠢ ᠪᠠᠶᠢᠵᠤ᠂ ᠥᠪᠡᠷ ᠲᠦ ᠬᠦᠯᠢᠶᠡᠭᠰᠡᠨ ᠡᠭᠦᠷᠭᠡ ᠪᠡᠨ ᠬᠡᠯᠪᠡᠷᠢᠯᠡᠯᠲᠡ ᠭᠦᠢ ᠪᠡᠶᠡᠯᠡᠭᠦᠯᠵᠦ᠂ ᠪᠦᠬᠦᠢ ᠯᠠ ᠨᠥᠭᠡᠴᠡ ᠪᠣᠯᠤᠯᠴᠠᠭ᠎ᠠ ᠪᠠᠨ ᠳᠠᠶᠢᠴᠢᠯᠠᠨ ᠬᠢᠴᠢᠶᠡᠨ ᠵᠢᠳᠬᠦᠵᠦ᠂ ᠰᠢᠨ᠎ᠡ ᠬᠠᠨᠳᠤᠯᠭ᠎ᠠ᠂ ᠰᠢᠨ᠎ᠡ ᠵᠠᠷᠴᠢᠮ᠂ ᠰᠢᠨ᠎ᠡ ᠴᠠᠭ ᠦᠶ᠎ᠡ᠂ ᠡᠶᠡᠷᠡᠭ ᠥᠭᠡᠷᠡᠴᠢᠯᠡᠯᠲᠡ ᠶᠢ ᠲᠥᠷᠦ ᠶᠢᠨ ᠠᠯᠪᠠᠨ ᠳᠤ ᠠᠪᠴᠤ ᠢᠷᠡᠨ᠎ᠡ ᠭᠡᠳᠡᠭ ᠲᠦ ᠢᠲᠡᠭᠡᠯ ᠲᠡᠭᠦᠰ ᠪᠠᠶᠢᠨ᠎ᠠ᠃
ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠲᠥᠷᠥ ᠊ᠢᠢᠨ ᠠᠯᠪᠠᠨ ᠬᠠᠭᠠᠭᠴᠢᠳ ᠤᠨ ᠡᠷᠬᠡ ᠵᠦᠢ ᠶᠢᠨ ᠪᠠᠲᠤᠯᠠᠭ᠎ᠠ ᠶᠢ ᠬᠠᠩᠭᠠᠬᠤ᠂ ᠮᠡᠷᠭᠡᠰᠢᠭᠰᠡᠨ ᠴᠣᠮᠬᠠᠨ᠂ ᠣᠨᠣᠪᠴᠢᠲᠠᠢ ᠲᠥᠷᠥ ᠶᠢᠨ ᠠᠯᠪᠠ᠂ ᠲᠣᠭᠲᠠᠯᠴᠠᠭ᠎ᠠ ᠶᠢ ᠪᠤᠢ ᠪᠣᠯᠭᠠᠬᠤ᠂ ᠦᠢᠯᠡ ᠠᠵᠢᠯᠯᠠᠭᠠᠨ ᠤ ᠦᠷ᠎ᠡ ᠳᠦᠩ᠂ ᠣᠨᠣᠪᠴᠢᠯᠠᠯ ᠢ ᠰᠠᠶᠢᠵᠢᠷᠠᠭᠤᠯᠬᠤ ᠠᠵᠢᠯ ᠤᠳ ᠢ ᠦᠶ᠎ᠡ ᠱᠠᠲᠤ ᠲᠠᠢ ᠬᠢᠵᠦ ᠬᠡᠷᠡᠭᠵᠢᠭᠦᠯᠵᠦ ᠪᠠᠶᠢᠨ᠎ᠠ᠃
ᠮᠥᠨ ᠲᠡᠭᠦᠨᠴᠢᠯᠡᠨ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠲᠤ ᠵᠠᠰᠠᠭ ᠤᠨ ᠭᠠᠵᠠᠷ ᠤᠨ ᠬᠦᠮᠦᠨ ᠦ ᠨᠥᠭᠡᠴᠡ ᠶᠢᠨ ᠭᠠᠵᠠᠷ ᠢ ᠰᠢᠨ᠎ᠡ ᠪᠡᠷ ᠪᠠᠶᠢᠭᠤᠯᠤᠭᠰᠠᠨ᠃ ᠵᠠᠰᠠᠭ ᠤᠨ ᠭᠠᠵᠠᠷ ᠤᠨ ᠬᠦᠮᠦᠨ ᠦ ᠨᠥᠭᠡᠴᠡ ᠶᠢᠨ ᠨᠢᠭᠡᠳᠦᠮᠡᠯ ᠲᠣᠭᠲᠠᠯᠴᠠᠭ᠎ᠠ ᠪᠦᠷᠢᠳᠦᠭᠰᠡᠨ ᠢᠶᠡᠷ ᠪᠣᠯᠪᠠᠰᠤᠨ ᠬᠦᠴᠦᠨ ᠦ ᠪᠣᠳᠣᠯᠭ᠎ᠠ᠂ ᠲᠥᠯᠥᠪᠯᠡᠯᠲᠡ᠂ ᠦᠢᠯᠡ ᠠᠵᠢᠯᠯᠠᠭᠠᠨ ᠊ᠤ ᠤᠶᠠᠯᠳᠤᠭ᠎ᠠ ᠬᠣᠯᠪᠣᠭ᠎ᠠ᠂ ᠬᠠᠷᠢᠭᠤᠴᠠᠯᠭ᠎ᠠ ᠊ᠢᠢᠨ ᠲᠣᠭᠲᠠᠯᠴᠠᠭ᠎ᠠ ᠢ ᠰᠠᠶᠢᠵᠢᠷᠠᠭᠤᠯᠬᠤ ᠴᠢᠭᠯᠡᠯ ᠳᠦ ᠳᠣᠷᠪᠢᠲᠠᠢ ᠦᠷ᠎ᠡ ᠳᠦᠩ ᠭᠠᠷᠤᠨ᠎ᠠ ᠭᠡᠰᠡᠨ ᠬᠦᠯᠢᠶᠡᠯᠲᠡ ᠲᠡᠢ ᠪᠠᠶᠢᠨ᠎ᠠ᠃ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠣᠷᠣᠯᠴᠠᠭ᠎ᠠ ᠲᠠᠢ ᠪᠠᠷ ᠵᠠᠰᠠᠭ ᠤᠨ ᠭᠠᠵᠠᠷ ᠤᠨ ᠬᠦᠮᠦᠨ ᠊ᠤ ᠨᠥᠭᠡᠴᠡ ᠊ᠢᠢᠨ ᠴᠠᠬᠢᠮ ᠰᠢᠰᠲ᠋ᠧᠮ ᠤᠨ ᠬᠥᠭᠵᠢᠭᠦᠯᠦᠯᠲᠡ ᠊ᠢᠢᠨ ᠠᠵᠢᠯ ᠬᠢᠭᠳᠡᠵᠦ ᠪᠠᠶᠢᠨ᠎ᠠ᠃
ᠮᠡᠷᠭᠡᠰᠢᠭᠰᠡᠨ᠂ ᠶᠣᠰᠣ ᠵᠦᠢ ᠲᠡᠢ᠂ ᠠᠪᠤᠯ᠎ᠠ᠂ ᠠᠰᠢᠭ ᠰᠣᠨᠢᠷᠬᠠᠯ ᠤᠨ ᠵᠥᠷᠢᠴᠡᠯ ᠡᠴᠡ ᠠᠩᠭᠢ ᠊ᠳᠤ᠂ ᠭᠠᠭᠴᠠᠬᠦ ᠬᠠᠤᠯᠢ ᠊ᠳᠤ ᠵᠠᠬᠢᠷᠤᠭᠳᠠᠨ᠂ ᠢᠷᠭᠡᠳ ᠲᠦ ᠪᠡᠨ ᠬᠣᠶᠠᠷ ᠦᠭᠡᠢ ᠰᠡᠳᠬᠢᠯ ᠊ᠢᠢᠡᠷ ᠦᠢᠯᠡᠴᠢᠯᠡᠨ᠂ ᠪᠤᠰᠤᠳ ᠢ ᠮᠠᠩᠯᠠᠶᠢᠯᠠᠨ ᠠᠵᠢᠯᠯᠠᠬᠤ ᠊ᠢᠢ ᠬᠦᠰᠡᠨ ᠢᠷᠦᠭᠡᠵᠦ᠂ ᠨᠡᠶᠢᠲᠡ ᠠᠯᠪᠠᠨ ᠬᠠᠭᠠᠭᠴᠢᠳ ᠲᠤ ᠠᠵᠢᠯ ᠤᠨ ᠠᠮᠵᠢᠯᠲᠠ ᠬᠦᠰᠡᠯ᠎ᠡ᠃