ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠤᠨ ᠬᠡᠦᠬᠡᠳ ᠤᠨ ᠰᠠᠩ ᠤᠨ ᠲᠥᠯᠥᠭᠡᠯᠡᠯ ᠲᠡᠢ ᠣᠯᠠᠨ ᠲᠠᠯᠠᠲᠤ ᠬᠠᠮᠲᠤ ᠊ᠢᠢᠨ ᠠᠵᠢᠯᠯᠠᠭᠠᠨ ᠊ᠤ ᠲᠠᠯ᠎ᠠ ᠪᠠᠷ ᠰᠠᠨᠠᠯ ᠰᠣᠯᠢᠯᠴᠠᠯ᠎ᠠ


ᠼᠠ᠊ ᠬᠥ᠊ ᠬᠠ᠊ ᠬᠣ᠊ – ᠍᠊ᠤ ᠲᠥᠷᠦ ᠊ᠢᠢᠨ ᠨᠠᠷᠢᠨ ᠪᠢᠴᠢᠭ ᠤᠨ ᠳᠠᠷᠤᠭ᠎ᠠ ᠊ᠢᠢᠨ ᠠᠯᠪᠠᠨ ᠡᠭᠦᠷᠭᠡ ᠶᠢ ᠲᠦᠷᠢ ᠣᠷᠣᠯᠠᠨ ᠭᠦᠢᠴᠡᠳᠭᠡᠭᠴᠢ᠂ ᠲᠥᠷᠦ ᠊ᠢᠢᠨ ᠵᠠᠬᠢᠷᠭᠠᠨ ᠊ᠤ ᠤᠳᠤᠷᠢᠳᠤᠯᠭ᠎ᠠ ᠊ᠢᠢᠨ ᠭᠠᠵᠠᠷ ᠤᠨ ᠳᠠᠷᠤᠭ᠎ᠠ ᠪ ∙ ᠪᠠᠲᠤᠴᠡᠴᠡᠭ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠤᠨ ᠬᠡᠦᠬᠡᠳ ᠤᠨ ᠰᠠᠩ ᠤᠨ ᠰᠠᠭᠤᠷᠢᠨ ᠲᠥᠯᠦᠭᠡᠯᠡᠭᠴᠢ ᠧᠣᠠᠷᠢᠰᠲ᠋ᠧ ᠺᠣᠦ᠋ᠠᠰᠰᠢ ᠺᠣᠮᠠᠯᠤᠨ ᠲᠡᠷᠢᠭᠦᠲᠡᠢ ᠲᠥᠯᠦᠭᠡᠯᠡᠯ ᠢ ᠥᠨᠥᠳᠥᠷ /᠒᠐᠒᠓.᠐᠔.᠑᠐/ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠶᠢᠨ ᠡᠬᠢᠨ ᠳᠦ ᠼᠠ᠊ ᠬᠥ᠊ ᠬᠠ᠊ ᠬᠣ᠊ ᠍-᠊ᠤ ᠲᠥᠷᠦ ᠊ᠢᠢᠨ ᠨᠠᠷᠢᠨ ᠪᠢᠴᠢᠭ ᠤᠨ ᠳᠠᠷᠤᠭ᠎ᠠ ᠊ᠢᠢᠨ ᠠᠯᠪᠠᠨ ᠡᠭᠦᠷᠭᠡ ᠶᠢ ᠲᠦᠷᠢ ᠣᠷᠣᠯᠠᠨ ᠭᠦᠢᠴᠡᠳᠭᠡᠭᠴᠢ᠂ ᠲᠥᠷᠦ ᠊ᠢᠢᠨ ᠵᠠᠬᠢᠷᠭᠠᠨ ᠊ᠤ ᠤᠳᠤᠷᠢᠳᠤᠯᠭ᠎ᠠ ᠊ᠢᠢᠨ ᠭᠠᠵᠠᠷ ᠤᠨ ᠳᠠᠷᠤᠭ᠎ᠠ ᠪ ∙ ᠪᠠᠲᠤᠴᠡᠴᠡᠭ ᠴᠠᠭ ᠵᠠᠪ ᠭᠠᠷᠭᠠᠨ ᠠᠭᠤᠯᠵᠠᠵᠤ ᠪᠠᠶᠢᠭᠠᠳ ᠲᠠᠯᠠᠷᠬᠠᠯ ᠢᠯᠡᠷᠬᠡᠶᠢᠯᠡᠭᠡᠳ᠂ ᠥᠩᠭᠡᠷᠡᠭᠰᠡᠨ ᠣᠨ ᠳᠤ ᠬᠡᠦᠬᠡᠳ ᠦᠨ ᠡᠷᠬᠡ ᠶᠢᠨ ᠲᠤᠬᠠᠢ ᠺᠣᠨᠸᠧᠨᠼ ᠢᠶᠠᠷ ᠪᠠᠲᠤᠯᠠᠭᠠᠵᠢᠭᠰᠠᠨ ᠡᠷᠬᠡ ᠨᠦᠭᠦᠳ ᠢ ᠬᠡᠦᠬᠡᠳ ᠪᠦᠷ ᠡᠳ᠋ᠯᠡᠬᠦ ᠪᠣᠯᠤᠮᠵᠢ᠂ ᠨᠥᠬᠥᠴᠡᠯ ᠢ ᠬᠠᠩᠭᠠᠬᠤ ᠳᠤ ᠴᠢᠭᠯᠡᠭᠰᠡᠨ ᠣᠯᠠᠨ ᠠᠷᠭ᠎ᠠ ᠬᠡᠮᠵᠢᠶ᠎ᠡ᠂ ᠦᠢᠯᠡ ᠠᠵᠢᠯᠯᠠᠭᠠᠨ ᠊ᠳᠤ ᠬᠠᠮᠲᠤᠷᠠᠨ ᠠᠵᠢᠯᠯᠠᠭᠰᠠᠨ ᠊ᠳᠤ ᠳ᠋ᠠᠬᠢᠨ ᠲᠠᠯᠠᠷᠬᠠᠭᠰᠠᠨ ᠊ᠢᠢᠠᠨ ᠢᠯᠡᠷᠬᠡᠶᠢᠯᠡᠭᠰᠡᠨ ᠶᠤᠮ᠃

ᠠᠭᠤᠯᠵᠠᠯᠲᠠ ᠪᠠᠷ ᠼᠠ᠊ ᠬᠥ᠊ ᠬᠠ᠊ ᠬᠣ᠊ ᠍- ᠊ᠤ ᠵᠦᠭ ᠡᠴᠡ ᠴᠠᠬᠢᠮ ᠣᠷᠴᠢᠨ ᠳ᠋ᠠᠬᠢ ᠬᠡᠦᠬᠡᠳ ᠬᠠᠮᠠᠭᠠᠯᠠᠯ ᠤᠨ ᠬᠠᠤᠯᠢ ᠶᠢᠨ ᠬᠡᠷᠡᠭᠵᠢᠯᠲᠡ ᠶᠢ ᠬᠠᠩᠭᠠᠬᠤ᠂ ᠴᠠᠬᠢᠮ ᠣᠷᠴᠢᠨ ᠳ᠋ᠠᠬᠢ ᠣᠷᠣᠯᠴᠠᠭ᠎ᠠ᠂ ᠴᠠᠬᠢᠮ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ 《ᠨᠠᠶᠢᠵᠠ ᠪᠠᠶᠢᠶ᠎ᠠ》 ᠨᠥᠯᠥᠭᠡᠯᠡᠯ ᠦᠨ ᠠᠶᠠᠨ ᠤ ᠬᠦᠷᠢᠶᠡᠨ ᠳᠦ ᠬᠠᠮᠲᠤᠷᠠᠨ ᠠᠵᠢᠯᠯᠠᠬᠤ᠂ ᠮᠥᠨ ᠬᠠᠷᠢᠯᠴᠠᠭ᠎ᠠ ᠬᠣᠯᠪᠣᠭᠠᠨ ᠤ ᠳᠡᠳ᠋ ᠪᠦᠲᠦᠴᠡ ᠬᠣᠯᠪᠣᠭᠣᠳᠠᠭ᠎ᠠ ᠦᠭᠡᠢ ᠬᠥᠳᠡᠭᠡ ᠣᠷᠣᠨ ᠨᠤᠲᠤᠭ᠂ ᠠᠯᠤᠰᠯᠠᠭᠳᠠᠭᠰᠠᠨ ᠰᠤᠮᠤ ᠰᠠᠭᠤᠷᠢᠨ ᠊ᠳᠤ ᠢᠨᠲ᠋ᠧᠷᠨᠡᠲ ᠬᠡᠷᠡᠭᠯᠡᠭᠡ ᠊ᠢᠢ ᠬᠦᠷᠭᠡᠬᠦ᠂ ᠭᠠᠮᠰᠢᠭ ᠪᠣᠯᠤᠨ ᠣᠨᠴᠠᠭᠠᠢ ᠪᠠᠶᠢᠳᠠᠯ ᠤᠨ ᠦᠶ᠎ᠡ ᠳᠦ ᠥᠨᠳᠦᠷ ᠬᠤᠷᠳᠤᠨ ᠤ ᠢᠨᠲ᠋ᠧᠷᠨᠡᠲ ᠦᠨ ᠦᠢᠯᠡᠴᠢᠯᠡᠭᠡ ᠶᠢ ᠠᠰᠢᠭᠯᠠᠬᠤ ᠪᠣᠯᠤᠮᠵᠢ ᠶᠢ ᠪᠦᠷᠢᠳᠦᠭᠦᠯᠬᠦ᠂ ᠮᠣᠩᠭᠣᠯ ᠤᠯᠤᠰ ᠤᠨ ᠠᠯᠤᠰᠯᠠᠭᠳᠠᠭᠰᠠᠨ ᠪᠦᠰᠡ ᠊ᠢᠢᠨ ᠰᠤᠷᠭᠠᠭᠤᠯᠢ᠂ ᠬᠡᠦᠬᠡᠳ ᠤᠨ ᠡᠮᠨᠡᠯᠭᠡ ᠨᠦᠭᠦᠳ ᠊ᠳᠦ ᠨᠠᠮ ᠣᠷᠪᠢᠲ ᠤᠨ ᠬᠢᠮᠡᠯ ᠳᠠᠭᠠᠭᠤᠯᠢ ᠶᠢᠨ ᠢᠨᠲ᠋ᠧᠷᠨᠡᠲ ᠨᠡᠪᠲᠡᠷᠡᠭᠦᠯᠬᠦ ᠵᠡᠷᠭᠡ ᠠᠰᠠᠭᠤᠳᠠᠯ ᠊ᠢᠢᠠᠷ ᠬᠠᠮᠲᠤᠷᠠᠨ ᠠᠵᠢᠯᠯᠠᠬᠤ ᠡᠷᠡᠮᠡᠯᠵᠡᠯ ᠲᠡᠢ ᠪᠤᠢ ᠶᠢ ᠪᠠᠨ ᠢᠯᠡᠷᠬᠡᠶᠢᠯᠡᠯ᠎ᠡ᠃

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠡᠦᠬᠡᠳ ᠦᠨ ᠰᠠᠩ ᠤᠨ ᠵᠦᠭ ᠡᠴᠡ ᠼᠠ᠊ ᠬᠥ᠊ ᠬᠠ᠊ ᠬᠣ᠊ ᠶᠠ᠊ ᠍  ᠡᠴᠠ ᠲᠠᠯᠪᠢᠭᠰᠠᠨ ᠳᠡᠭᠡᠷᠡᠬᠢ ᠰᠠᠨᠠᠯ᠂ ᠴᠢᠭᠯᠡᠯ ᠦᠳ ᠢ ᠪᠥᠷᠢᠨ ᠳᠡᠮᠵᠢᠵᠦ᠂ ᠴᠢᠨᠠᠭᠰᠢᠳᠠ ᠬᠠᠮᠲᠤ ᠊᠊ᠢᠢᠨ ᠠᠵᠢᠯᠯᠠᠭ᠎ᠠ ᠊ᠢᠢ ᠪᠠᠨ ᠤᠯᠠᠮ ᠥᠷᠭᠡᠵᠢᠭᠦᠯᠵᠦ᠂ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠯ᠎ᠡ᠃

ᠨᠡᠶᠢᠲᠡᠯᠡᠭᠰᠡᠨ᠄