ᠨᠢᠭᠡ ᠴᠡᠭ ᠦᠨ ᠦᠢᠯᠡᠴᠢᠯᠡᠭᠡᠨ ᠳᠦ ᠮᠧᠨᠧᠵᠮᠧᠨᠲ ᠦᠨ ᠰᠢᠨᠡᠴᠢᠯᠡᠯ ᠬᠢᠵᠦ᠂ ᠣᠫᠧᠷᠠᠲ᠋ᠣᠷ ᠤᠨ ᠭᠣᠷᠢᠮ ᠳᠤ ᠰᠢᠯᠵᠢᠭᠦᠯᠬᠦ ᠠᠵᠢᠯ ᠤᠨ ᠬᠡᠰᠡᠭ ᠬᠤᠷᠠᠯᠳᠤᠵᠤ ᠪᠠᠶᠢᠨ᠎ᠠ


ᠴᠠ᠊ ᠬᠥ᠊ ᠬᠠ᠊ ᠬᠣ᠊ ᠤ ᠰᠠᠶᠢᠳ ᠨ ∙ ᠤᠴᠠᠷᠠᠯ ᠥᠩᠭᠡᠷᠡᠭᠰᠡᠨ ᠳᠣᠯᠣᠭ᠎ᠠ ᠬᠣᠨᠣᠭ ᠲᠤ ᠨᠡᠶᠢᠰᠯᠡᠯ ᠦᠨ ᠨᠢᠭᠡ ᠴᠡᠭ ᠦᠨ ᠦᠢᠯᠡᠴᠢᠯᠡᠭᠡᠨ ᠦ ᠲᠥᠪ ᠦᠳ ᠳᠡᠭᠡᠷ᠎ᠡ ᠠᠵᠢᠯᠯᠠᠭᠰᠠᠨ᠃ ᠡᠨᠡ ᠦᠶ᠎ᠡ ᠪᠡᠷ ᠦᠢᠯᠡᠴᠢᠯᠡᠭᠡ ᠠᠪᠴᠤ ᠪᠠᠶᠢᠭ᠎ᠠ ᠢᠷᠭᠡᠳ ᠨᠢ ᠪᠤᠬᠢᠨᠢᠳᠤᠯ ᠲᠠᠢ᠂ ᠦᠢᠯᠡᠴᠢᠯᠡᠭᠡᠨ ᠦ ᠮᠧᠨᠧᠵᠮᠧᠨᠲ ᠤᠴᠢᠷ ᠳᠤᠲᠠᠭᠳᠠᠯ ᠲᠠᠢ᠂ ᠲᠥᠯᠦᠪᠦᠷᠢ ᠲᠣᠭᠠᠴᠠᠭᠠᠨ ᠤ ᠴᠣᠭᠴᠠ ᠰᠢᠰᠲ᠋ᠧᠮ ᠦᠭᠡᠢ᠂ ᠤᠷᠲᠤ ᠳᠠᠷᠠᠭᠠᠯᠠᠯ ᠲᠠᠢ ᠪᠠᠶᠢᠭᠰᠠᠨ᠃ ᠲᠡᠶᠢᠮᠦ ᠡᠴᠡ ᠡᠨᠡ ᠠᠰᠠᠭᠤᠳᠠᠯ ᠢ ᠰᠢ ᠳᠦ ᠬᠢ ᠮᠧᠨᠧᠵᠮᠧᠨᠲ ᠦᠨ ᠰᠢᠨᠡᠴᠢᠯᠡᠯ ᠬᠢᠵᠦ᠂ ᠨᠢᠭᠡ ᠴᠡᠭ ᠦᠨ ᠦᠢᠯᠡᠴᠢᠯᠡᠭᠡ ᠶᠢ ᠣᠫᠧᠷᠠᠲ᠋ᠣᠷ ᠤᠨ ᠭᠣᠷᠢᠮ ᠳᠤ ᠰᠢᠯᠵᠢᠭᠦᠯᠬᠦ ᠰᠢᠢᠳᠪᠦᠷᠢ ᠭᠠᠷᠭᠠᠨ᠂ ᠠᠵᠢᠯ ᠤᠨ ᠬᠡᠰᠡᠭ ᠪᠠᠶᠢᠭᠤᠯᠬᠤ ᠲᠤᠰᠢᠶᠠᠯ ᠭᠠᠷᠭᠠᠭᠰᠠᠨ ᠶᠤᠮ᠃

ᠲᠤᠰ ᠠᠵᠢᠯ ᠤᠨ ᠬᠡᠰᠡᠭ ᠢ ᠴᠠ᠊ ᠬᠥ᠊ ᠬᠠ᠊ ᠬᠣ᠊ ᠶᠠ᠊ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠴ ∙ ᠵᠣᠯᠪᠠᠶᠠᠷ ᠠᠬᠠᠯᠠᠵᠤ᠂ ᠦᠢᠯᠡᠴᠢᠯᠡᠭᠡᠨ ᠦ ᠨᠢᠭᠡᠳᠦᠭᠰᠡᠨ ᠲᠥᠪ ᠦᠳ ᠦᠨ ᠲᠤᠯᠭᠠᠮᠳᠠᠵᠤ ᠪᠠᠶᠢᠭ᠎ᠠ ᠠᠰᠠᠭᠤᠳᠠᠯ ᠢ ᠲᠣᠳᠣᠷᠬᠠᠶᠢᠯᠠᠵᠤ᠂ ᠲᠥᠷᠥ ᠶᠢᠨ ᠦᠢᠯᠡᠴᠢᠯᠡᠭᠡ ᠶᠢ ᠣᠫᠧᠷᠠᠲ᠋ᠣᠷ ᠤᠨ ᠭᠣᠷᠢᠮ ᠳᠤ ᠰᠢᠯᠵᠢᠭᠦᠯᠦᠭᠰᠡᠨ ᠣᠷᠣᠨ ᠨᠤᠭᠤᠳ ᠤᠨ ᠪᠦᠲᠦᠴᠡ᠂ ᠵᠠᠷᠴᠢᠮ ᠢ ᠰᠤᠳᠤᠯᠵᠤ᠂ ᠲᠥᠷᠥ ᠶᠢᠨ ᠦᠢᠯᠡᠴᠢᠯᠡᠭᠡ ᠶᠢ ᠴᠠᠬᠢᠮ ᠰᠢᠰᠲ᠋ᠧᠮ ᠳᠦ ᠰᠠᠭᠤᠷᠢᠯᠠᠭᠰᠠᠨ ᠨᠢᠭᠡᠳᠦᠭᠰᠡᠨ ᠲᠣᠭᠲᠠᠯᠴᠠᠭᠠᠨ ᠳᠤ ᠰᠢᠯᠵᠢᠭᠦᠯᠬᠦ ᠰᠠᠨᠠᠯ᠂ ᠳ᠋ᠦᠩᠨᠡᠯᠲᠡ ᠪᠣᠯᠪᠠᠰᠤᠷᠠᠭᠤᠯᠬᠤ ᠶᠤᠮ᠃

ᠠᠵᠢᠯ ᠤᠨ ᠬᠡᠰᠡᠭ ᠦᠨ ᠪᠦᠷᠢᠯᠳᠦᠬᠦᠨ ᠳᠦ ᠴᠠ᠊ ᠬᠥ᠊ ᠬᠠ᠊ ᠬᠣ᠊ ᠶᠠ᠊᠂ ᠬᠥᠳᠡᠯᠮᠦᠷᠢ᠂ ᠬᠠᠯᠠᠮᠵᠢ ᠶᠢᠨ ᠦᠢᠯᠡᠴᠢᠯᠡᠭᠡᠨ ᠦ ᠶᠡᠷᠦᠩᠬᠡᠢ ᠭᠠᠵᠠᠷ᠂ ᠨᠡᠶᠢᠭᠡᠮ ᠦᠨ ᠳᠠᠭᠠᠳᠬᠠᠯ ᠤᠨ ᠶᠡᠷᠦᠩᠬᠡᠢ ᠭᠠᠵᠠᠷ᠂ ᠭᠠᠵᠠᠷ ᠵᠣᠬᠢᠶᠠᠨ ᠪᠠᠶᠢᠭᠤᠯᠤᠯᠲᠠ᠂ ᠭᠧᠣᠳᠧᠽᠢ᠂ ᠵᠢᠷᠤᠭ ᠵᠦᠢ ᠶᠢᠨ ᠭᠠᠵᠠᠷ᠂ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠨᠡᠶᠢᠰᠯᠡᠯ ᠦᠨ ᠤᠯᠤᠰ ᠤᠨ ᠪᠦᠷᠢᠳᠬᠡᠯ ᠦᠨ ᠭᠠᠵᠠᠷ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ᠂ ᠢ-ᠮᠣᠩᠭᠣᠯ ᠠᠺᠠᠳᠧᠮᠢ᠂ ᠭᠠᠶᠢᠯᠢ᠂ ᠲᠠᠲᠠᠪᠤᠷᠢ᠂ ᠰᠠᠩᠬᠦᠦ ᠶᠢᠨ ᠮᠡᠳᠡᠭᠡᠯᠡᠯ ᠦᠨ ᠲᠧᠭᠨᠣᠯᠣᠭᠢ ᠶᠢᠨ ᠲᠥᠪ᠂ ᠠᠦ᠋ᠲ᠋ᠣ᠋ ᠲᠡᠭᠡᠭᠡᠪᠦᠷᠢ ᠶᠢᠨ ᠦᠨᠳᠦᠰᠦᠨ ᠦ ᠲᠥᠪ᠂ ᠨᠡᠶᠢᠰᠯᠡᠯ ᠦᠨ ᠦᠢᠯᠡᠴᠢᠯᠡᠭᠡᠨ ᠦ ᠨᠢᠭᠡᠳᠦᠭᠰᠡᠨ ᠲᠥᠪ ᠦᠨ ᠲᠥᠯᠦᠭᠡᠯᠡᠯ ᠦᠳ ᠪᠠᠭᠠᠳᠴᠤ ᠪᠠᠶᠢᠨ᠎ᠠ᠃

ᠨᠡᠶᠢᠲᠡᠯᠡᠭᠰᠡᠨ᠄