ᠰᠣᠶᠣᠯ ᠤᠷᠠᠯᠢᠭ ᠤᠨ ᠭᠠᠵᠠᠷ ᠲᠤ ᠬᠤᠭᠤᠴᠠᠭ᠎ᠠ ᠲᠠᠢ ᠡᠭᠦᠷᠭᠡ ᠥᠭᠭᠦᠯ᠎ᠡ


ᠠᠪᠯᠢᠭᠠ ᠊ᠢᠢᠨ ᠡᠰᠡᠷᠡᠭ 《ᠰᠢᠯᠢᠨ》 ᠠᠵᠢᠯᠯᠠᠭᠠᠨ ᠊ᠤ ᠬᠦᠷᠢᠶᠡᠨ ᠊ᠳᠦ 《ᠨᠡᠶᠢᠲᠡ ᠊ᠢᠢᠨ ᠮᠡᠳᠡᠭᠡᠯᠡᠯ ᠤᠨ ᠢᠯᠡ ᠲᠣᠳᠣ ᠪᠠᠶᠢᠳᠠᠯ ᠤᠨ ᠲᠤᠬᠠᠢ ᠬᠠᠤᠯᠢ ᠊ᠢᠢᠨ ᠬᠡᠷᠡᠭᠵᠢᠯᠲᠡ ᠊ᠢᠢ ᠱᠠᠭᠠᠷᠳᠠᠵᠤ ᠮᠡᠳᠡᠭᠡᠯᠡᠯ ᠨᠢ ᠬᠠᠭᠠᠯᠲᠠ ᠲᠠᠢ ᠲᠥᠷᠦ ᠊ᠢᠢᠨ ᠪᠠᠶᠢᠭᠤᠯᠤᠯᠭ᠎ᠠ ᠨᠤᠭᠤᠳ ᠲᠤ ᠢᠷᠭᠡᠳ ᠤᠨ ᠮᠡᠳᠡᠬᠦ ᠡᠷᠬᠡ ᠊ᠢᠢ ᠬᠠᠩᠭᠠᠬᠤ ᠬᠤᠭᠤᠴᠠᠭ᠎ᠠ ᠲᠠᠢ ᠡᠭᠦᠷᠭᠡ ᠥᠭᠴᠦ ᠪᠠᠶᠢᠭ᠎ᠠ ᠶᠤᠮ᠃

ᠡᠨᠡ ᠬᠦᠷᠢᠶᠡᠨ ᠊ᠳᠦ ᠥᠨᠥᠳᠥᠷ /᠒᠐᠒᠓.᠐᠔.᠑᠒/ ᠰᠠᠯᠪᠤᠷᠢ ᠊ᠢᠢᠨ ᠬᠢᠨᠠᠯᠲᠠ ᠶᠢᠨ ᠭᠠᠵᠠᠷ ᠤᠨ ᠳᠠᠷᠤᠭ᠎ᠠ ᠰ ∙ ᠭᠠᠩᠵᠣᠷᠢᠭ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠰᠣᠶᠣᠯ᠂ᠤᠷᠠᠯᠢᠭ ᠤᠨ ᠭᠠᠵᠠᠷ ᠲᠤ ᠠᠵᠢᠯᠯᠠᠵᠤ ᠬᠤᠭᠤᠴᠠᠭ᠎ᠠ ᠲᠠᠢ ᠡᠭᠦᠷᠭᠡ ᠥᠭᠭᠦᠯ᠎ᠡ᠃

ᠨᠡᠶᠢᠲᠡ ᠊ᠢᠢᠨ ᠮᠡᠳᠡᠭᠡᠯᠡᠯ ᠤᠨ ᠢᠯᠡ ᠲᠣᠳᠣ ᠪᠠᠶᠢᠳᠠᠯ ᠤᠨ ᠲᠤᠬᠠᠢ ᠬᠠᠤᠯᠢ ᠊ᠢᠢᠨ ᠘ ᠳ᠋ᠤᠭᠠᠷ ᠵᠦᠢᠯ ᠤᠨ ᠬᠣᠯᠪᠣᠭᠳᠠᠬᠤ ᠬᠡᠰᠡᠭ᠂ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠒᠐᠒᠒ ᠣᠨ ᠊ᠤ ᠒᠐᠑ ᠳᠦᠭᠡᠷ ᠲᠣᠭᠲᠠᠭᠠᠯ ᠤᠨ ᠬᠠᠪᠰᠤᠷᠤᠯᠲᠠ ᠪᠠᠷ ᠪᠠᠲᠤᠯᠠᠭᠰᠠᠨ 《ᠨᠡᠭᠡᠭᠡᠯᠲᠡ ᠲᠡᠢ ᠮᠡᠳᠡᠭᠡᠯᠡᠯ ᠢ ᠴᠠᠬᠢᠮ ᠬᠡᠯᠪᠡᠷᠢ ᠪᠡᠷ ᠪᠠᠶᠢᠷᠢᠰᠢᠭᠤᠯᠵᠤ᠂ ᠨᠡᠶᠢᠲᠡᠯᠡᠬᠦ᠂ ᠰᠢᠨᠡᠳᠭᠡᠬᠦ᠂ ᠬᠢᠨᠠᠯᠲᠠ ᠲᠠᠯᠪᠢᠬᠤ ᠨᠡᠶᠢᠲᠡᠯᠢᠭ ᠵᠢᠷᠤᠮ》 ᠍ ᠊ᠳᠦ ᠵᠢᠭᠠᠭᠰᠠᠨ ᠊ᠤ ᠳᠠᠭᠠᠤ ᠲᠥᠷᠥ ᠊ᠢᠢᠨ ᠪᠠᠶᠢᠭᠤᠯᠤᠯᠭ᠎ᠠ ᠨᠤᠭᠤᠳ ᠮᠡᠳᠡᠭᠡᠯᠡᠯ ᠊ᠢᠢᠡᠨ ᠢᠯᠡ ᠲᠣᠳᠣ᠂ ᠨᠡᠭᠡᠭᠡᠯᠲᠡ ᠲᠡᠢ ᠪᠠᠶᠢᠯᠭᠠᠬᠤ ᠡᠭᠦᠷᠭᠡ ᠲᠡᠢ ᠶᠤᠮ᠃

ᠨᠡᠶᠢᠲᠡᠯᠡᠭᠰᠡᠨ᠄