《ᠰᠢᠯᠢᠨ ᠲᠥᠷᠦ᠂ ᠴᠠᠬᠢᠮ ᠰᠢᠯᠵᠢᠯᠲᠡ ᠊ᠳᠦ ᠲᠠᠨ ᠊ᠤ ᠣᠷᠣᠯᠴᠠᠭ᠎ᠠ》 ᠰᠡᠳᠦᠪᠲᠦ ᠠᠭᠤᠯᠵᠠᠯᠲᠠ ᠪᠠᠶᠠᠨᠵᠢᠷᠦᠬᠡ ᠳᠡᠭᠦᠷᠭᠡ ᠊ᠳᠦ ᠵᠣᠬᠢᠶᠠᠨ ᠪᠠᠶᠢᠭᠤᠯᠤᠭᠳᠠᠵᠤ ᠪᠠᠶᠢᠨ᠎ᠠ᠃


ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠒᠐᠒᠓ ᠣᠨ ᠢ ᠠᠪᠤᠯᠠᠭ ᠲᠠᠢ ᠲᠡᠮᠡᠴᠡᠬᠦ ᠵᠢᠯ ᠪᠣᠯᠭᠠᠨ ᠵᠠᠷᠯᠠᠭᠰᠠᠨ ᠪᠢᠯᠡ᠃ ᠴᠠᠬᠢᠮ ᠰᠢᠯᠵᠢᠯᠲᠡ ᠊ᠢᠢ ᠡᠷᠴᠢᠮᠵᠢᠭᠦᠯᠬᠦ᠂ ᠠᠪᠤᠯ ᠊ᠢᠢᠨ ᠡᠰᠡᠷᠡᠭ᠂ ᠬᠦᠨᠳᠦ ᠰᠤᠷᠲᠠᠯ ᠢ ᠠᠷᠢᠯᠭᠠᠬᠤ 《ᠰᠢᠯᠢ ᠠᠵᠢᠯᠯᠠᠭ᠎ᠠ》 ᠍ ᠤ ᠬᠦᠷᠢᠶᠡᠨ ᠊ᠳᠦ ᠼᠠ᠊ ᠬᠥ᠊ ᠬᠠ᠊ ᠬᠣ᠊ ᠎ᠶᠠ᠊᠂ ᠨᠡᠶᠢᠰᠯᠡᠯ ᠦᠨ ᠵᠠᠰᠠᠭ ᠳᠠᠷᠤᠭ᠎ᠠ ᠊ᠢᠢᠨ ᠲᠠᠮᠠᠭ᠎ᠠ ᠊ᠢᠢᠨ ᠭᠠᠵᠠᠷ ᠬᠠᠮᠲᠤᠷᠠᠨ 《ᠰᠢᠯᠢᠨ ᠲᠥᠷᠦ᠂ ᠴᠠᠬᠢᠮ ᠰᠢᠯᠵᠢᠯᠲᠡ ᠊ᠳᠦ ᠲᠠᠨ ᠊ᠤ ᠣᠷᠣᠯᠴᠠᠭ᠎ᠠ》 ᠰᠡᠳᠦᠪᠲᠦ ᠴᠤᠪᠤᠷᠠᠯ ᠠᠭᠤᠯᠵᠠᠯᠲᠠ ᠊ᠢᠢ ᠵᠣᠬᠢᠶᠠᠨ ᠪᠠᠶᠢᠭᠤᠯᠵᠤ ᠪᠠᠶᠢᠨ᠎ᠠ᠃

ᠥᠨᠥᠳᠥᠷ ᠦᠨ (᠒᠐᠒᠓.᠐᠔.᠑᠔) ᠠᠭᠤᠯᠵᠠᠯᠲᠠ ᠳᠤ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠂ ᠨᠡᠶᠢᠰᠯᠡᠯ ᠤᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠊ᠢᠢᠨ ᠵᠠᠬᠢᠷᠤᠭᠴᠢ ᠳ ∙ ᠰᠤᠮᠢᠶᠠᠪᠠᠽᠠᠷ᠂ ᠪᠠᠶᠠᠨᠵᠢᠷᠦᠬᠡ ᠳᠡᠭᠦᠷᠭᠡ ᠊ᠢᠢᠨ ᠵᠠᠰᠠᠭ ᠳᠠᠷᠤᠭ᠎ᠠ ᠨ ∙ ᠪᠠᠶᠠᠷᠮᠥᠶᠢᠩᠬᠡ ᠪᠣᠯᠤᠨ ᠬᠣᠯᠪᠣᠭᠳᠠᠬᠤ ᠠᠯᠪᠠᠨ ᠲᠤᠰᠢᠶᠠᠯᠲᠠᠨ ᠨᠤᠭᠤᠳ ᠣᠷᠣᠯᠴᠠᠵᠤ᠂ ᠲᠥᠷᠥ ᠊ᠢᠢᠨ ᠠᠯᠪᠠᠨ ᠬᠠᠭᠠᠭᠴᠢᠳ ᠲᠤ ᠮᠡᠳᠡᠭᠡᠯᠡᠯ ᠥᠭᠴᠦ ᠪᠠᠶᠢᠨ᠎ᠠ᠃

ᠲᠥᠷᠦ ᠊ᠢᠢᠨ ᠪᠠᠶᠢᠭᠤᠯᠤᠯᠭ᠎ᠠ ᠊ᠢᠢᠨ ᠦᠢᠯᠡ ᠠᠵᠢᠯᠯᠠᠭᠠᠨ ᠊ᠤ ᠢᠯᠡ ᠲᠣᠳᠣ ᠪᠠᠶᠢᠳᠠᠯ ᠢ ᠬᠠᠩᠭᠠᠵᠤ᠂ ᠲᠥᠷᠦ ᠊ᠢᠢᠨ ᠦᠢᠯᠡᠴᠢᠯᠡᠭᠡᠨ ᠊ᠤ ᠬᠦᠷᠲᠡᠭᠡᠮᠵᠢ ᠊ᠢᠢ ᠨᠡᠮᠡᠭᠳᠡᠭᠦᠯᠬᠦ᠂ ᠪᠢᠽᠢᠨ᠋ᠧᠰ ᠡᠷᠬᠢᠯᠡᠬᠦ ᠣᠷᠴᠢᠨ ᠢ ᠰᠠᠶᠢᠵᠢᠷᠠᠭᠤᠯᠵᠤ ᠲᠤᠰᠬᠠᠢ ᠵᠥᠪᠰᠢᠶᠡᠷᠡᠯ ᠢ ᠣᠯᠭᠤᠬᠤ ᠦᠢᠯᠡ ᠶᠠᠪᠤᠴᠠ ᠊ᠢᠢ ᠴᠠᠬᠢᠮᠵᠢᠭᠤᠯᠬᠤ ᠲᠠᠯ᠎ᠠ ᠪᠠᠷ ᠽᠠ ᠭᠠ᠊᠂ ᠼᠠ᠊ ᠬᠥ᠊ ᠬᠠ᠊ ᠬᠣ᠊ ᠶᠠ᠊᠂ ᠨᠡᠶᠢᠰᠯᠡᠯ ᠤᠨ ᠵᠠᠰᠠᠭ ᠳᠠᠷᠤᠭ᠎ᠠ ᠊ᠢᠢᠨ ᠲᠠᠮᠠᠭ᠎ᠠ ᠊ᠢᠢᠨ ᠭᠠᠵᠠᠷ ᠡᠴᠠ ᠬᠡᠷᠡᠭᠵᠢᠭᠦᠯᠵᠦ ᠪᠤᠢ ᠪᠣᠳᠣᠯᠭ᠎ᠠ᠂ ᠠᠷᠭ᠎ᠠ ᠬᠡᠮᠵᠢᠶᠡᠨ ᠊ᠤ ᠲᠠᠯ᠎ᠠ ᠪᠠᠷ ᠳᠡᠭᠦᠷᠭᠡ ᠊ᠢᠢᠨ ᠬᠣᠯᠪᠣᠭᠳᠠᠬᠤ ᠲᠥᠷᠦ ᠊ᠢᠢᠨ ᠠᠯᠪᠠᠨ ᠬᠠᠭᠠᠭᠴᠢᠳ᠂ ᠬᠣᠷᠢᠶᠠᠳ ᠤᠨ ᠬᠡᠰᠡᠭ ᠤᠨ ᠠᠬᠠᠯᠠᠭᠴᠢ ᠨᠠᠷ ᠲᠠᠢ ᠰᠠᠨᠠᠯ ᠰᠣᠯᠢᠯᠴᠠᠬᠤ ᠵᠣᠷᠢᠯᠭ᠎ᠠ ᠲᠠᠢ ᠠᠭᠤᠯᠵᠠᠯᠲᠠ ᠶᠤᠮ᠃

ᠨᠡᠶᠢᠲᠡᠯᠡᠭᠰᠡᠨ᠄