ᠰᠢᠯᠢᠨ ᠲᠥᠷᠦ᠂ ᠴᠠᠬᠢᠮ ᠰᠢᠯᠵᠢᠯᠲᠡ ᠊ᠳᠦ ᠴᠢᠩᠭᠢᠯ ᠲᠡᠢ ᠳᠡᠭᠦᠷᠭᠡ ᠊ᠢᠢᠨ ᠲᠥᠷᠦ ᠊ᠢᠢᠨ ᠠᠯᠪᠠᠨ ᠬᠠᠭᠠᠭᠴᠢᠳ ᠨᠢᠭᠡᠳᠦᠯ᠎ᠡ


ᠼᠠ᠊ ᠬᠥ᠊ ᠬᠠ᠊ ᠬᠣ᠊ ᠶᠠ᠊ ᠪᠣᠯᠤᠨ ᠨᠡᠶᠢᠰᠯᠡᠯ ᠤᠨ ᠵᠠᠰᠠᠭ ᠳᠠᠷᠤᠭ᠎ᠠ ᠊ᠢᠢᠨ ᠲᠠᠮᠠᠭ᠎ᠠ ᠊ᠢᠢᠨ ᠭᠠᠵᠠᠷ ᠬᠠᠮᠲᠤᠷᠠᠨ ᠵᠣᠬᠢᠶᠠᠨ ᠪᠠᠶᠢᠭᠤᠯᠵᠤ ᠪᠤᠢ 《ᠰᠢᠯᠢᠨ ᠲᠥᠷᠥ᠂ ᠴᠠᠬᠢᠮ ᠰᠢᠯᠵᠢᠯᠲᠡ ᠊ᠳᠦ-ᠲᠠᠨ ᠊ᠤ ᠣᠷᠣᠯᠴᠠᠭ᠎ᠠ》 ᠰᠡᠳᠦᠪᠲᠦ ᠠᠭᠤᠯᠵᠠᠯᠲᠠ ᠨᠡᠶᠢᠰᠯᠡᠯ ᠤᠨ ᠙ ᠳᠡᠭᠦᠷᠭᠡ ᠒᠑ ᠠᠶᠢᠮᠠᠭ ᠲᠤ ᠴᠤᠪᠤᠷᠠᠯ ᠢᠶᠠᠷ ᠵᠣᠬᠢᠶᠠᠨ ᠪᠠᠶᠢᠭᠤᠯᠤᠭᠳᠠᠵᠤ ᠪᠠᠶᠢᠭ᠎ᠠ ᠪᠢᠯᠡ᠃

ᠡᠨᠡ ᠤᠳᠠᠭ᠎ᠠ ᠊ᠳᠤ ᠴᠢᠩᠭᠢᠯ ᠲᠡᠢ ᠳᠡᠭᠦᠷᠭᠡ ᠊ᠢᠢᠨ ᠲᠥᠷᠥ ᠊ᠢᠢᠨ ᠠᠯᠪᠠᠨ ᠬᠠᠭᠠᠭᠴᠢᠳ ᠲᠠᠢ ᠠᠭᠤᠯᠵᠠᠯ᠎ᠠ᠃ ᠠᠪᠯᠢᠭᠠ ᠊ᠢᠢᠨ ᠡᠰᠡᠷᠡᠭ ᠕ ᠱ ᠠᠵᠢᠯᠯᠠᠭᠠᠨ  ᠰᠠᠭᠤᠷᠢ ᠪᠣᠯᠬᠤ ᠰᠢᠯᠢᠨ ᠠᠵᠢᠯᠯᠠᠭᠠᠨ ᠊ᠤ ᠬᠦᠷᠢᠶᠡᠨ ᠊ᠳᠦ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠠᠵᠢᠯ ᠥᠷᠨᠢᠵᠦ ᠪᠠᠶᠢᠨ᠎ᠠ᠃

ᠬᠦᠩ ᠳᠦ ᠰᠤᠷᠲᠠᠯ ᠦᠭᠡᠢ᠂ ᠢᠯᠡ ᠲᠣᠳᠣ᠂ ᠠᠪᠯᠢᠭᠠ ᠦᠭᠢᠢ ᠲᠥᠷᠥ ᠶᠢ ᠲᠥᠯᠦᠪᠰᠢᠭᠦᠯᠬᠦ ᠨᠢ ᠴᠠᠬᠢᠮ ᠰᠢᠯᠵᠢᠯᠲᠡ ᠊ᠢᠢᠨ ᠵᠣᠷᠢᠯᠭ᠎ᠠ ᠪᠥᠭᠡᠳ ᠮᠣᠩᠭᠣᠯ ᠤᠯᠤᠰ ᠤᠨ ᠵᠠᠰᠠᠭ ᠤᠨ ᠭᠠᠵᠠᠷ᠂ ᠼᠠ᠊ ᠬᠥ᠊ ᠬᠠ᠊ ᠬᠣ᠊ ᠶᠠ᠊ ᠪᠣᠯᠤᠨ ᠨᠡᠶᠢᠰᠯᠡᠯ ᠤᠨ ᠵᠠᠰᠠᠭ ᠳᠠᠷᠤᠭ᠎ᠠ ᠊ᠢᠢᠨ ᠲᠠᠮᠠᠭ᠎ᠠ ᠊ᠢᠢᠨ ᠭᠠᠵᠠᠷ ᠡᠼᠠ ᠡᠨᠡ ᠬᠦᠷᠢᠶᠡᠨ ᠊ᠳᠦ ᠠᠪᠴᠤ ᠬᠡᠷᠡᠭᠵᠢᠭᠦᠯᠵᠦ ᠪᠤᠢ ᠪᠣᠳᠣᠯᠭ᠎ᠠ᠂ ᠠᠷᠭ᠎ᠠ ᠬᠡᠮᠵᠢᠶᠡᠨ ᠊ᠤ ᠬᠦᠷᠢᠶᠡᠨ ᠊ᠳᠦ ᠲᠥᠷᠥ ᠊ᠢᠢᠨ ᠠᠯᠪᠠᠨ ᠬᠠᠭᠠᠭᠴᠢ ᠨᠠᠷᠠᠲᠤ ᠮᠡᠳᠡᠭᠡᠯᠡᠯ ᠥᠭᠴᠦ᠂ ᠰᠠᠨᠠᠯ ᠰᠣᠯᠢᠯᠴᠠᠯ᠎ᠠ᠃

ᠠᠭᠤᠯᠵᠠᠯᠲᠠ ᠊ᠳᠤ᠄

• ᠤᠯᠤᠰ ᠤᠨ ᠶᠡᠬᠡ ᠬᠤᠷᠠᠯ ᠊ᠢᠢᠨ ᠭᠡᠰᠢᠭᠦᠨ᠂ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠂

• ᠤᠯᠤᠰ ᠤᠨ ᠶᠡᠬᠡ ᠬᠤᠷᠠᠯ ᠊ᠢᠢᠨ ᠭᠡᠰᠢᠭᠦᠨ᠂ ᠮᠣᠩᠭᠣᠯ ᠤᠯᠤᠰ ᠤᠨ ᠰᠠᠶᠢᠳ ᠵ ∙ ᠰᠦᠬᠡᠪᠠᠭᠠᠲᠤᠷ

• ᠤᠯᠤᠰ ᠤᠨ ᠶᠡᠬᠡ ᠬᠤᠷᠠᠯ ᠊ᠢᠢᠨ ᠭᠡᠰᠢᠭᠦᠨ ᠮ ∙ ᠣᠶᠤᠨᠴᠢᠮᠡᠭ

• ᠨᠡᠶᠢᠰᠯᠡᠯ ᠤᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠊ᠢᠢᠨ ᠵᠠᠬᠢᠷᠤᠭᠴᠢ ᠳ ∙ ᠰᠤᠮᠢᠶᠠᠪᠠᠽᠠᠷ ᠨᠠᠷ ᠪᠣᠯᠤᠨ ᠬᠣᠯᠪᠣᠭᠳᠠᠬᠤ ᠠᠯᠪᠠᠨ ᠊ᠤ ᠬᠦᠮᠦᠰ ᠣᠷᠣᠯᠴᠠᠯ᠎ᠠ᠃

ᠴᠠᠬᠢᠮ ᠰᠢᠯᠵᠢᠯᠲᠡ ᠊ᠢᠢ ᠪᠣᠳᠠᠲᠤ ᠤᠳᠬ᠎ᠠ ᠪᠠᠷ ᠨᠢ ᠬᠡᠷᠡᠭᠵᠢᠭᠦᠯᠵᠦ᠂ ᠢᠷᠭᠡᠳ ᠤᠨ ᠠᠵᠤ ᠠᠮᠢᠳᠤᠷᠠᠯ ᠦᠷ᠎ᠡ ᠳ᠋ᠦᠩ ᠢ ᠬᠦᠷᠭᠡᠬᠦ ᠳᠦ ᠲᠥᠷᠦ ᠊ᠢᠢᠨ ᠠᠯᠪᠠᠨ ᠬᠠᠭᠠᠭᠴᠢᠳ ᠤᠨ ᠣᠷᠣᠯᠴᠠᠭ᠎ᠠ ᠴᠢᠬᠤᠯᠠ ᠡᠭᠦᠷᠭᠡ ᠲᠡᠢ ᠪᠥᠭᠡᠳ ᠬᠠᠮᠲᠤ ᠊ᠢᠢᠨ ᠠᠵᠢᠯᠯᠠᠭ᠎ᠠ ᠊ᠢᠢ ᠤᠶᠠᠯᠳᠤᠭᠤᠯᠤᠨ ᠵᠣᠬᠢᠶᠠᠨ ᠪᠠᠶᠢᠭᠤᠯᠬᠤ ᠊ᠳᠤ ᠣᠨᠴᠠᠭᠠᠢ ᠠᠩᠬᠠᠷᠬᠤ ᠱᠠᠭᠠᠷᠳᠠᠯᠭ᠎ᠠ ᠲᠠᠢ ᠶᠢ ᠠᠭᠤᠯᠵᠠᠯᠲᠠ ᠊ᠳᠤ ᠣᠷᠣᠯᠴᠠᠭᠴᠢᠳ ᠣᠨᠴᠠᠯᠠᠵᠤ ᠪᠠᠶᠢᠯ᠎ᠠ᠃

ᠠᠭᠤᠯᠵᠠᠯᠲᠠ ᠊ᠢᠢ ᠨᠡᠭᠡᠭᠡᠵᠦ ᠬᠡᠯᠡᠭᠰᠡᠨ ᠦᠭᠡᠨ ᠊ᠳᠦ ᠪᠡᠨ ᠴᠢᠩᠭᠢᠯ ᠲᠡᠢ ᠳᠡᠭᠦᠷᠭᠡ ᠊ᠢᠢᠨ ᠵᠠᠰᠠᠭ ᠳᠠᠷᠤᠭ᠎ᠠ ᠨ ∙ ᠪᠠᠲᠤᠰᠦᠮᠪᠡᠷᠢᠯ᠄ 《ᠴᠢᠩᠭᠢᠯ ᠲᠡᠢ ᠳᠡᠭᠦᠷᠭᠡ ᠴᠠᠬᠢᠮ ᠳᠡᠭᠦᠷᠭᠡ ᠪᠣᠯᠬᠤ ᠊ᠳᠤ ᠮᠠᠩᠯᠠᠶᠢᠯᠠᠵᠤ ᠗ ᠬᠣᠨᠣᠭ ᠤᠨ ᠬᠤᠭᠤᠴᠠᠭᠠᠨ ᠊ᠳᠤ shilen.gov.mn ᠰᠠᠶᠢᠲᠤ ᠊ᠢᠢᠨ 《ᠰᠢᠯᠢᠨ ᠢᠨᠳᠧᠺᠰ》 ᠍ ᠢ ᠨᠡᠭᠡᠭᠡᠯᠲᠡ ᠲᠡᠢ᠂ ᠢᠯᠡ ᠲᠣᠳᠣ ᠪᠠᠶᠢᠳᠠᠯ ᠤᠨ ᠦᠵᠡᠭᠦᠯᠦᠯᠲᠡ ᠪᠡᠷ ᠲᠡᠷᠢᠭᠦᠯᠡᠬᠦ ᠵᠣᠷᠢᠯᠲᠠ ᠶᠢ ᠲᠠᠯᠪᠢᠵᠤ᠂ ᠬᠠᠮᠲᠤ ᠣᠯᠠᠨ ᠢᠶᠠᠷ ᠢᠶᠠᠨ ᠬᠡᠷᠡᠭᠵᠢᠭᠦᠯᠦᠨ᠎ᠡ》 ᠬᠡᠮᠡᠨ ᠮᠡᠳᠡᠭᠳᠡᠭᠰᠡᠨ ᠶᠤᠮ᠃

ᠨᠡᠶᠢᠲᠡᠯᠡᠭᠰᠡᠨ᠄