《ᠰᠠᠨᠰᠠᠷ ᠤᠨ ᠦᠨᠳᠦᠰᠦᠨ ᠊ᠤ ᠵᠥᠪᠯᠡᠯ》 ᠍ ᠤᠨ ᠒᠐᠒᠓ ᠣᠨ ᠊ᠤ ᠠᠩᠬᠠᠳᠤᠭᠠᠷ ᠬᠤᠷᠠᠯᠳᠤᠭᠠᠨ ᠠᠮᠵᠢᠯᠲᠠᠲᠠᠢ ᠵᠣᠬᠢᠶᠠᠨ ᠪᠠᠶᠢᠭᠤᠯᠤᠭᠳᠠᠯ᠎ᠠ


ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠒᠐᠑᠓ ᠣᠨ ᠊ᠤ ᠑᠖ ᠳ᠋ᠤᠭᠠᠷ ᠵᠠᠬᠢᠷᠤᠮᠵᠢ ᠪᠠᠷ ᠠᠩᠬ᠎ᠠ ᠪᠠᠶᠢᠭᠤᠯᠤᠭᠳᠠᠭᠰᠠᠨ 《ᠰᠠᠨᠰᠠᠷ ᠤᠨ ᠦᠨᠳᠦᠰᠦᠨ ᠊ᠤ ᠵᠥᠪᠯᠡᠯ》 ᠍ ᠤᠨ ᠡᠭᠡᠯᠵᠢᠲᠦ ᠬᠤᠷᠠᠯᠳᠤᠭᠠᠨ ᠲᠥᠷᠥ ᠊ᠢᠢᠨ ᠣᠷᠳᠣᠨ ᠊ᠤ ᠶᠡᠬᠡ ᠡᠵᠡᠨ ᠴᠢᠩᠭᠢᠰ ᠬᠠᠭᠠᠨ ᠲᠠᠩᠬᠢᠮ ᠊ᠳᠤ ᠵᠣᠬᠢᠶᠠᠨ ᠪᠠᠶᠢᠭᠤᠯᠤᠭᠳᠠᠯ᠎ᠠ᠃

ᠡᠨᠡ ᠤᠳᠠᠭ᠎ᠠ ᠊ᠢᠢᠨ ᠬᠤᠷᠠᠯᠳᠤᠭᠠᠨ ᠊ᠢᠢᠠᠷ ᠰᠠᠨᠰᠠᠷ ᠤᠨ ᠦᠨᠳᠦᠰᠦᠨ ᠊ᠤ ᠵᠥᠪᠯᠡᠯ ᠤᠨ ᠒᠐᠒᠓ ᠣᠨ ᠊ᠤ ᠦᠢᠯᠡ ᠠᠵᠢᠯᠯᠠᠭᠠᠨ ᠊ᠤ ᠲᠥᠯᠥᠪᠯᠡᠭᠡ᠂ ᠰᠠᠨᠰᠠᠷ ᠰᠤᠳᠤᠯᠤᠯ ᠢ ᠬᠥᠭᠵᠢᠭᠦᠯᠬᠦ ᠳᠦ ᠬᠢᠭᠳᠡᠵᠦ ᠪᠠᠶᠢᠭ᠎ᠠ ᠠᠵᠢᠯ ᠤᠳ᠂ ᠲᠤᠯᠭᠠᠮᠳᠠᠭᠰᠠᠨ ᠠᠰᠠᠭᠤᠳᠠᠯ ᠤᠳ᠂ ᠵᠥᠪᠯᠡᠯ ᠤᠨ ᠭᠡᠰᠢᠭᠦᠨ ᠪᠠᠶᠢᠭᠤᠯᠤᠯᠭ᠎ᠠ ᠨᠤᠭᠤᠳ ᠤᠨ ᠭᠠᠳᠠᠭᠠᠳᠤ ᠬᠠᠮᠲᠤ ᠊ᠢᠢᠨ ᠠᠵᠢᠯᠯᠠᠭ᠎ᠠ ᠪᠣᠯᠤᠨ ᠲᠥᠷᠥ ᠡᠴᠡ ᠬᠡᠷᠡᠭᠵᠢᠭᠦᠯᠵᠦ ᠪᠤᠢ ᠪᠣᠳᠣᠯᠭ᠎ᠠ ᠊ᠢᠢᠨ ᠬᠡᠷᠡᠭᠵᠢᠯᠲᠡ ᠮᠥᠨ ᠰᠠᠨᠰᠠᠷ ᠰᠤᠳᠤᠯᠤᠯ ᠤᠨ ᠰᠠᠯᠪᠠᠷ ᠲᠤ ᠪᠠᠨ ᠰᠢᠨ᠎ᠡ ᠪᠡᠷ ᠬᠡᠷᠡᠭᠵᠢᠭᠦᠯᠵᠦ ᠡᠬᠢᠯᠡᠭᠰᠡᠨ ᠪᠣᠯᠤᠨ ᠬᠡᠷᠡᠭᠵᠢᠭᠦᠯᠬᠦ ᠪᠣᠯᠤᠮᠵᠢ ᠲᠠᠢ ᠠᠵᠢᠯ ᠤᠳ ᠭᠡᠰᠡᠨ ᠰᠢᠨ᠎ᠡ ᠰᠡᠳᠦᠪ ᠦᠳ ᠢ ᠬᠡᠯᠡᠯᠴᠡᠭᠦᠯᠦᠯ᠎ᠡ᠃

ᠨᠡᠶᠢᠲᠡᠯᠡᠭᠰᠡᠨ᠄