ᠠᠽᠢᠶ᠎ᠠ ᠊ᠢᠢᠨ ᠬᠥᠭᠵᠢᠯ ᠤᠨ ᠪᠠᠩᠬᠢ ᠲᠠᠢ ᠴᠠᠬᠢᠮ ᠰᠢᠯᠵᠢᠯᠲᠡ ᠊ᠢᠢᠨ ᠬᠦᠷᠢᠶᠡᠨ ᠊ᠳᠦ ᠬᠠᠮᠲᠤᠷᠠᠨ ᠠᠵᠢᠯᠯᠠᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠨ ∙ ᠤᠴᠠᠷᠠᠯ᠂ ᠠᠽᠢᠶ᠎ᠠ ᠊ᠢᠢᠨ ᠬᠥᠭᠵᠢᠯ ᠤᠨ ᠪᠠᠩᠬᠢᠨ ᠊ᠤ ᠵᠡᠭᠦᠨ ᠠᠽᠢᠶ᠎ᠠ ᠊ᠢᠢᠨ ᠭᠠᠵᠠᠷ ᠤᠨ (EAPF) ᠰᠠᠩᠬᠦᠦ ᠊ᠢᠢᠨ ᠰᠠᠯᠪᠤᠷᠢ ᠊ᠢᠢᠨ ᠪᠦᠰᠡ ᠨᠤᠲᠤᠭ ᠤᠨ ᠬᠠᠮᠲᠤ ᠊ᠢᠢᠨ ᠠᠵᠢᠯᠯᠠᠭᠠᠨ ᠊ᠤ ᠬᠡᠯᠲᠡᠰ ᠤᠨ ᠲᠥᠷᠦ ᠊ᠢᠢᠨ ᠤᠳᠤᠷᠢᠳᠤᠯᠭ᠎ᠠ ᠊ᠢᠢᠨ ᠵᠠᠬᠢᠷᠤᠯ ᠬᠠᠲᠤᠭᠲᠠᠢ ᠱᠢᠣᠺᠢᠨ ᠹᠠᠨ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠊ᠢᠢᠨ ᠡᠬᠢᠨ ᠊ᠳᠦ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ 《ᠴᠠᠬᠢᠮ ᠰᠢᠯᠵᠢᠯᠲᠡ》 ᠲᠧᠭᠨᠢᠭ ᠤᠨ ᠲᠤᠰᠠᠯᠠᠯᠴᠠᠭᠠᠨ ᠊ᠤ ᠲᠥᠰᠥᠯ ᠢ ᠪᠠᠲᠤᠯᠠᠭᠤᠯᠤᠭᠰᠠᠨ ᠊ᠳᠤ ᠲᠠᠯᠠᠷᠬᠠᠯ ᠢᠯᠡᠷᠬᠡᠶᠢᠯᠡᠭᠡᠳ᠂ᠲᠥᠰᠥᠯ ᠤᠨ ᠬᠡᠷᠡᠭᠵᠢᠯᠲᠡ ᠊ᠢᠢ ᠣᠶᠢᠷ᠎ᠠ ᠊ᠢᠢᠨ ᠬᠤᠭᠤᠴᠠᠭᠠᠨ ᠊ᠳᠤ ᠡᠬᠢᠯᠡᠭᠦᠯᠬᠦ ᠪᠡᠯᠡᠳᠬᠡᠯ ᠠᠵᠢᠯ ᠢ ᠬᠠᠩᠭᠠᠵᠤ ᠪᠠᠶᠢᠭ᠎ᠠ ᠊ᠢᠢ ᠪᠣᠯᠤᠨ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠯᠪᠤᠷᠢ ᠊ᠳᠤ ᠬᠡᠷᠡᠭᠵᠢᠭᠦᠯᠦᠭᠰᠡᠨ ᠪᠣᠯᠤᠨ ᠬᠡᠷᠡᠭᠵᠢᠭᠦᠯᠬᠦ ᠪᠡᠷ ᠲᠥᠯᠥᠪᠯᠡᠵᠦ ᠪᠤᠢ ᠠᠵᠢᠯ ᠤᠳ ᠤᠨ ᠲᠠᠯ᠎ᠠ ᠪᠠᠷ ᠮᠡᠳᠡᠭᠡᠯᠡᠯ ᠥᠭᠭᠦᠯ᠎ᠡ᠃

​ᠠᠽᠢᠶ᠎ᠠ ᠊ᠢᠢᠨ ᠬᠥᠭᠵᠢᠯ ᠤᠨ ᠪᠠᠩᠬᠢᠨ ᠊ᠤ ᠵᠡᠭᠦᠨ ᠠᠽᠢᠶ᠎ᠠ ᠊ᠢᠢᠨ ᠭᠠᠵᠠᠷ ᠤᠨ (EAPF) ᠰᠠᠩᠬᠦᠦ ᠊ᠢᠢᠨ ᠰᠠᠯᠪᠤᠷᠢ ᠊ᠢᠢᠨ ᠪᠦᠰᠡ ᠨᠤᠲᠤᠭ ᠤᠨ ᠬᠠᠮᠲᠤ ᠊ᠢᠢᠨ ᠠᠵᠢᠯᠯᠠᠭᠠᠨ ᠊ᠤ ᠬᠡᠯᠲᠡᠰ ᠤᠨ ᠲᠥᠷᠦ ᠊ᠢᠢᠨ ᠤᠳᠤᠷᠢᠳᠤᠯᠭ᠎ᠠ ᠊ᠢᠢᠨ ᠵᠠᠬᠢᠷᠤᠯ ᠬᠠᠲᠤᠭᠲᠠᠢ ᠱᠢᠣᠺᠢᠨ ᠹᠠᠨ ᠊ᠤ ᠵᠦᠭ ᠡᠴᠡ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠊ᠤ ᠮᠠᠩᠯᠠᠶᠢᠯᠠᠯ ᠳᠣᠣᠷ᠎ᠠ ᠮᠣᠩᠭᠣᠯ ᠤᠯᠤᠰ ᠤᠨ ᠵᠠᠰᠠᠭ ᠤᠨ ᠭᠠᠵᠠᠷ ᠴᠠᠬᠢᠮ ᠰᠢᠯᠵᠢᠯᠲᠡ ᠊ᠢᠢ ᠡᠷᠴᠢᠮᠲᠡᠢ ᠬᠡᠷᠡᠭᠵᠢᠭᠦᠯᠵᠦ ᠪᠠᠶᠢᠭ᠎ᠠ ᠊ᠢᠢ ᠣᠨᠴᠠᠯᠠᠭᠠᠳ᠂ ᠴᠠᠭᠠᠰᠢᠳᠠ ᠠ᠊ ᠬᠥ ᠊ᠪᠠ ᠍ ᠊ᠤ ᠵᠦᠭ ᠡᠴᠡ ᠴᠠᠬᠢᠮ ᠰᠢᠯᠵᠢᠯᠲᠡ ᠊ᠢᠢ ᠳᠡᠮᠵᠢᠨ ᠠᠵᠢᠯᠯᠠᠬᠤ ᠪᠠᠨ ᠢᠯᠡᠷᠬᠡᠶᠢᠯᠡᠯ᠎ᠡ᠃

ᠨᠡᠶᠢᠲᠡᠯᠡᠭᠰᠡᠨ᠄