《ᠰᠢᠯᠢᠨ ᠲᠥᠷᠦ᠂ ᠴᠠᠬᠢᠮ ᠰᠢᠯᠵᠢᠯᠲᠡ ᠊ᠳᠦ ᠲᠠᠨ ᠊ᠤ ᠣᠷᠣᠯᠴᠠᠭ᠎ᠠ》 ᠠᠭᠤᠯᠵᠠᠯᠲᠠ ᠰᠦᠬᠡᠪᠠᠭᠠᠲᠤᠷ ᠳᠡᠭᠦᠷᠭᠡ ᠊ᠳᠦ ᠵᠣᠬᠢᠶᠠᠨ ᠪᠠᠶᠢᠭᠤᠯᠤᠭᠳᠠᠵᠤ ᠪᠠᠶᠢᠨ᠎ᠠ


ᠼᠠ᠊ ᠬᠥ᠊ ᠬᠠ᠊ ᠬᠣ᠊ ᠶᠠ᠊ ᠪᠣᠯᠤᠨ ᠨᠡᠶᠢᠰᠯᠡᠯ ᠦᠨ ᠵᠠᠰᠠᠭ ᠳᠠᠷᠤᠭ᠎ᠠ ᠊ᠢᠢᠨ ᠲᠠᠮᠠᠭ᠎ᠠ ᠊ᠢᠢᠨ ᠭᠠᠵᠠᠷ ᠬᠠᠮᠲᠤᠷᠠᠨ ᠵᠣᠬᠢᠶᠠᠨ ᠪᠠᠶᠢᠭᠤᠯᠵᠤ ᠪᠤᠢ 《ᠰᠢᠯᠢᠨ ᠲᠥᠷᠥ᠂ ᠴᠠᠬᠢᠮ ᠰᠢᠯᠵᠢᠯᠲᠡ ᠊ᠳᠦ-ᠲᠠᠨ ᠊ᠤ ᠣᠷᠣᠯᠴᠠᠭ᠎ᠠ》 ᠰᠡᠳᠦᠪᠲᠦ ᠠᠭᠤᠯᠵᠠᠯᠲᠠ ᠨᠡᠶᠢᠰᠯᠡᠯ ᠤᠨ ᠙ ᠳᠡᠭᠦᠷᠭᠡ ᠒᠑ ᠠᠶᠢᠮᠠᠭ ᠲᠤ ᠴᠤᠪᠤᠷᠠᠯ ᠊ᠢᠢᠠᠷ ᠵᠣᠬᠢᠶᠠᠨ ᠪᠠᠶᠢᠭᠤᠯᠤᠭᠳᠠᠵᠤ ᠪᠠᠶᠢᠭ᠎ᠠ ᠪᠢᠯᠡ᠃

ᠡᠨᠡ ᠤᠳᠠᠭ᠎ᠠ ᠊ᠳᠤ (᠒᠐᠒᠓.᠐᠔.᠒᠒) ᠰᠦᠬᠡᠪᠠᠭᠠᠲᠤᠷ ᠳᠡᠭᠦᠷᠭᠡ ᠊ᠢᠢᠨ ᠑᠂ ᠒ ᠍ ᠳᠤᠭᠠᠷ ᠬᠣᠷᠢᠶᠠᠨ ᠊ᠤ ᠢᠷᠭᠡᠳ᠂ ᠲᠥᠷᠦ ᠊ᠢᠢᠨ ᠠᠯᠪᠠᠨ ᠬᠠᠭᠠᠭᠴᠢᠳ ᠲᠠᠢ ᠠᠭᠤᠯᠵᠠᠵᠤ ᠪᠠᠶᠢᠨ᠎ᠠ᠃ ᠠᠪᠯᠢᠭᠠ ᠊ᠢᠢᠨ ᠡᠰᠡᠷᠡᠭ ᠕ ᠱ ᠠᠵᠢᠯᠯᠠᠭᠠᠨ ᠊ᠤ ᠰᠠᠭᠤᠷᠢ ᠪᠣᠯᠬᠤ ᠰᠢᠯᠢᠨ ᠠᠵᠢᠯᠯᠠᠭᠠᠨ ᠊ᠤ ᠬᠦᠷᠢᠶᠡᠨ ᠊ᠳᠦ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠵᠣᠷᠢᠯᠭ᠎ᠠ ᠪᠠᠷ ᠼᠠ᠊ ᠬᠥ᠊ ᠬᠠ᠊ ᠬᠣ᠊ ᠶᠠ᠊ ᠍ᠡᠴᠠ ᠪᠣᠯᠤᠨ ᠨᠡᠶᠢᠰᠯᠡᠯ ᠤᠨ ᠵᠠᠰᠠᠭ ᠳᠠᠷᠤᠭ᠎ᠠ ᠊ᠢᠢᠨ ᠲᠠᠮᠠᠭ᠎ᠠ ᠊ᠢᠢᠨ ᠭᠠᠵᠠᠷ ᠡᠴᠠ ᠠᠪᠴᠤ ᠬᠡᠷᠡᠭᠵᠢᠭᠦᠯᠵᠦ ᠪᠤᠢ ᠪᠣᠳᠣᠯᠭ᠎ᠠ᠂ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠢᠷᠭᠡᠳ ᠤᠨ ᠰᠣᠨᠢᠷᠬᠠᠭᠰᠠᠨ ᠠᠰᠠᠭᠤᠯᠲᠠ ᠊ᠳᠤ ᠬᠠᠷᠢᠭᠤᠯᠲᠠ ᠥᠭᠭᠦᠯ᠎ᠡ᠃

ᠬᠦᠩ ᠳᠦ ᠰᠤᠷᠲᠠᠯ ᠦᠭᠡᠢ᠂ ᠢᠯᠡ ᠲᠣᠳᠣ᠂ ᠠᠪᠤᠯ ᠠᠴ ᠭᠦᠢ ᠲᠥᠷᠥ ᠶᠢ ᠲᠥᠯᠦᠪᠰᠢᠭᠦᠯᠬᠦ ᠨᠢ ᠴᠠᠬᠢᠮ ᠰᠢᠯᠵᠢᠯᠲᠡ ᠶᠢᠨ ᠵᠣᠷᠢᠯᠭ᠎ᠠ ᠪᠥᠭᠡᠳ ᠢᠷᠭᠡᠳ ᠣᠯᠠᠨ ᠨᠡᠶᠢᠲᠡ ᠶᠢᠨ ᠳᠡᠮᠵᠢᠯᠭᠡ ᠣᠷᠣᠯᠴᠠᠭ᠎ᠠ ᠪᠣᠳᠠᠲᠤ ᠦᠷ᠎ᠡ ᠳᠦᠩ ᠳᠦ ᠬᠦᠷᠬᠦ ᠳᠦ ᠬᠠᠮᠤᠭ ᠤᠨ ᠴᠢᠬᠤᠯᠠ ᠳᠡᠮᠵᠢᠯᠭᠡ ᠲᠤᠯᠠ ᠪᠡᠶᠡᠴᠢᠯᠡᠵᠦ ᠠᠭᠤᠯᠵᠠᠵᠤ᠂ ᠮᠡᠳᠡᠭᠡᠯᠡᠯ ᠥᠭᠴᠦ ᠬᠠᠮᠲᠤᠷᠠᠨ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄