ᠼᠠ᠊ ᠬᠥ᠊ ᠬᠠ᠊ ᠬᠣ᠊ ᠶᠠ᠊᠄ ᠶᠠᠫᠣᠨ ᠊ᠤ ᠣᠯᠠᠨ ᠤᠯᠤᠰ ᠤᠨ ᠬᠠᠮᠲᠤ ᠊ᠢᠢᠨ ᠠᠵᠢᠯᠯᠠᠭᠠᠨ ᠊ᠤ ᠪᠠᠶᠢᠭᠤᠯᠤᠯᠭᠠ /ᠵ᠎ᠠᠺᠠ/ ᠍ ᠲᠠᠢ ᠰᠠᠯᠪᠤᠷᠢ ᠊ᠢᠢᠨ ᠠᠵᠤ ᠠᠬᠤᠢ ᠨᠢᠭᠡᠴᠡ ᠨᠦᠭᠦᠳ ᠢ ᠣᠯᠠᠨ ᠤᠯᠤᠰ ᠍ ᠊ᠢᠢᠨ ᠵᠠᠬ᠎ᠠ ᠵᠡᠭᠡᠯᠢ ᠊ᠳᠦ ᠭᠠᠷᠭᠠᠬᠤ᠂ ᠰᠤᠷᠲᠠᠯᠴᠢᠯᠠᠬᠤ ᠴᠢᠭᠯᠡᠯ ᠊ᠳᠦ ᠬᠠᠮᠲᠤᠷᠠᠨ ᠠᠵᠢᠯᠯᠠᠨ᠎ᠠ


ᠼᠠ᠊ ᠬᠥ᠊ ᠬᠠ᠊ ᠬᠣ᠊- ᠊ᠤ ᠰᠠᠶᠢᠳ ᠨ᠃ ᠤᠴᠠᠷᠠᠯ ᠶᠠᠫᠣᠨ ᠊ᠤ ᠣᠯᠠᠨ ᠤᠯᠤᠰ ᠤᠨ ᠬᠠᠮᠲᠤ ᠊ᠢᠢᠨ ᠠᠵᠢᠯᠯᠠᠭᠠᠨ ᠊ᠤ ᠪᠠᠶᠢᠭᠤᠯᠤᠯᠭ᠎ᠠ /Japan International Cooperation Agency / ᠍ ᠤᠨ ᠮᠣᠩᠭᠣᠯ ᠤᠯᠤᠰ ᠳᠠᠬᠢ ᠰᠠᠭᠤᠷᠢᠨ ᠲᠥᠯᠦᠭᠡᠯᠡᠭᠴᠢ ᠲᠠᠨᠠᠺᠠ ᠰᠢᠨᠢᠴᠢ ᠪᠣᠯᠤᠨ ᠬᠣᠯᠪᠣᠭᠳᠠᠬᠤ ᠠᠯᠪᠠᠨ ᠬᠦᠮᠦᠰ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠊ᠢᠢᠨ ᠡᠬᠢᠨ ᠊ᠳᠦ ᠰᠠᠭᠤᠷᠢᠨ ᠲᠥᠯᠥᠭᠡᠯᠡᠭᠴᠢ ᠲᠠᠨᠠᠺᠠ ᠰᠢᠨᠢᠴᠢᠭ ᠤᠨ ᠵᠦᠭ ᠡᠴᠡ ᠮᠣᠩᠭᠣᠯ ᠤᠯᠤᠰ ᠲᠤ ᠴᠠᠬᠢᠮ ᠣᠷᠴᠢᠨ ᠊ᠤ ᠬᠥᠭᠵᠢᠯ ᠪᠣᠯᠤᠨ ᠰᠠᠯᠪᠤᠷᠢ ᠊ᠢᠢᠨ ᠭᠠᠷᠠᠭᠠᠨ ᠊ᠤ ᠪᠠᠶᠢᠭᠤᠯᠤᠯᠭ᠎ᠠ ᠨᠤᠭᠤᠳ ᠢ ᠰᠤᠷᠲᠠᠯᠴᠢᠯᠠᠬᠤ ᠴᠢᠭᠯᠡᠯ ᠊ᠢᠢᠡᠷ ᠬᠡᠷᠡᠭᠵᠢᠭᠦᠯᠵᠦ ᠪᠤᠢ ᠰᠤᠳᠤᠯᠭᠠᠨ ᠊ᠤ ᠲᠠᠯ᠎ᠠ ᠪᠠᠷ ᠲᠣᠪᠴᠢ ᠲᠠᠨᠢᠯᠴᠠᠭᠤᠯᠭ᠎ᠠ ᠬᠢᠯ᠎ᠡ᠃

ᠲᠤᠰ ᠰᠤᠳᠤᠯᠭᠠᠨ ᠊ᠤ ᠬᠦᠷᠢᠶᠡᠨ ᠊ᠳᠦ ᠒᠐᠒᠓ ᠣᠨ ᠊ᠤ ᠐᠖ ᠳ᠋ᠤᠭᠠᠷ ᠰᠠᠷ᠎ᠠ ᠊ᠢᠢᠨ ᠒᠕ ᠍ ᠡᠴᠠ ᠐᠗ ᠳ᠋ᠤᠭᠠᠷ ᠰᠠᠷ᠎ᠠ ᠊ᠢᠢᠨ ᠐᠒ ᠍ ᠊ᠤ ᠡᠳᠦᠷ ᠦᠳ ᠊ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠣᠯᠤᠨ Japan International Cooperation Agency ᠪᠠᠶᠢᠭᠤᠯᠤᠯᠭ᠎ᠠ ᠨᠠᠷ ᠬᠠᠮᠲᠤᠷᠠᠨ ᠵᠣᠬᠢᠶᠠᠨ ᠪᠠᠶᠢᠭᠤᠯᠵᠤ ᠪᠤᠢ ᠮᠣᠩᠭᠣᠯ-ᠶᠠᠫᠣᠨ ᠊ᠤ ᠮᠡᠳᠡᠭᠡᠯᠡᠯ ᠤᠨ ᠲᠧᠭᠨᠣᠯᠣᠭᠢ᠂ ᠬᠠᠷᠢᠯᠴᠠᠭ᠎ᠠ ᠬᠣᠯᠪᠣᠭᠠᠨ ᠊ᠤ ᠰᠠᠯᠪᠤᠷᠢ ᠊ᠢᠢᠨ ᠬᠤᠪ ᠤᠨ ᠠᠬ᠎ᠠ ᠠᠬᠤᠢ ᠨᠢᠭᠡᠴᠡ ᠨᠦᠭᠦᠳ ᠤᠨ ᠦᠢᠯᠡ ᠠᠵᠢᠯᠯᠠᠭ᠎ᠠ ᠶᠢ ᠳᠡᠮᠵᠢᠬᠦ᠂ ᠣᠯᠠᠨ ᠤᠯᠤᠰ ᠲᠤ ᠰᠤᠷᠲᠠᠯᠴᠢᠯᠠᠬᠤ ᠪᠢᠽᠢᠨ᠋ᠧᠰ ᠠᠷᠭ᠎ᠠ ᠬᠡᠮᠵᠢᠶᠡᠨ ᠊ᠤ ᠲᠠᠯ᠎ᠠ ᠪᠠᠷ ᠲᠣᠪᠴᠢ ᠲᠠᠨᠢᠯᠴᠠᠭᠤᠯᠤᠭᠰᠠᠨ ᠶᠤᠮ᠃

ᠮᠥᠨ Japan International Cooperation Agency ᠒᠐᠒᠓ ᠣᠨ ᠊ᠳᠤ ᠮᠣᠩᠭᠣᠯ ᠤᠯᠤᠰ ᠤᠨ ᠴᠠᠬᠢᠮ ᠬᠥᠭᠵᠢᠯ᠂ ᠮᠡᠳᠡᠭᠡᠯᠡᠯ ᠤᠨ ᠲᠧᠭᠨᠣᠯᠣᠭᠢ᠂ ᠬᠠᠷᠢᠯᠴᠠᠭ᠎ᠠ ᠬᠣᠯᠪᠣᠭᠠᠨ ᠊ᠤ ᠰᠠᠯᠪᠤᠷᠢ ᠊ᠳᠤ ᠲᠦᠯᠬᠢᠭᠦᠦ ᠠᠩᠬᠠᠷᠴᠤ ᠠᠵᠢᠯᠯᠠᠬᠤ ᠲᠥᠯᠦᠪᠯᠡᠭᠡ ᠲᠡᠢ ᠪᠠᠶᠢᠭ᠎ᠠ ᠪᠠᠨ ᠣᠨᠴᠠᠯᠠᠯ᠎ᠠ᠃

​ᠼᠠ᠊ ᠬᠥ᠊ ᠬᠠ᠊ ᠬᠣ᠊ -᠊ᠤ ᠰᠠᠶᠢᠳ ᠨ ∙ ᠤᠴᠠᠷᠠᠯ ᠤᠨ ᠵᠦᠭ ᠡᠴᠡ ᠰᠤᠳᠤᠯᠭᠠᠨ ᠊ᠤ ᠲᠠᠯ᠎ᠠ ᠪᠠᠷ ᠳᠡᠯᠭᠡᠷᠡᠩᠭᠦᠢ ᠲᠠᠨᠢᠯᠴᠠᠭᠤᠯᠭ᠎ᠠ ᠬᠢᠭᠰᠡᠨ ᠊ᠳᠦ ᠪᠣᠯᠤᠨ ᠮᠣᠩᠭᠣᠯ ᠤᠯᠤᠰ ᠤᠨ ᠼᠠ᠊ ᠬᠥ᠊ ᠬᠠ᠊ ᠬᠣ᠊- ᠊ᠤ ᠰᠠᠯᠪᠤᠷᠢ ᠊ᠳᠤ ᠣᠷᠣᠭᠤᠯᠵᠤ ᠪᠤᠢ ᠲᠣᠮᠣᠬᠠᠨ ᠬᠤᠪᠢ ᠨᠡᠮᠡᠷᠢ ᠊ᠳᠦ ᠲᠠᠯᠠᠷᠬᠠᠯ ᠢᠯᠡᠷᠬᠡᠶᠢᠯᠡᠵᠦ᠂ ᠴᠢᠨᠠᠭᠰᠢᠳᠠ ᠺᠢᠪᠧᠷ ᠠᠶᠤᠯ ᠦᠭᠡᠢ ᠪᠠᠶᠢᠳᠠᠯ ᠪᠣᠯᠤᠨ Japan International Cooperation Agency ᠍ ᠤᠨ ᠵᠦᠭ ᠡᠴᠡ ᠬᠡᠷᠡᠭᠵᠢᠭᠦᠯᠵᠦ ᠪᠤᠢ ᠰᠤᠳᠤᠯᠭᠠᠨ ᠊ᠤ ᠬᠦᠷᠢᠶᠡᠨ ᠊ᠳᠦ ᠬᠠᠮᠲᠤ ᠊ᠢᠢᠨ ᠠᠵᠢᠯᠯᠠᠭ᠎ᠠ ᠊ᠢᠢ ᠰᠢᠨ᠎ᠡ ᠲᠦᠪᠰᠢᠨ ᠊ᠳᠦ ᠬᠦᠷᠭᠡᠬᠦ ᠳᠦ ᠣᠨᠴᠠᠭᠠᠢ ᠠᠩᠬᠠᠷᠤᠯ ᠬᠠᠩᠳᠠᠭᠤᠯᠬᠤ ᠪᠠᠨ ᠢᠯᠡᠷᠬᠡᠶᠢᠯᠡᠭᠰᠡᠨ ᠦᠷ᠎ᠡ ᠳ᠋ᠦᠩ ᠲᠡᠢ ᠠᠭᠤᠯᠵᠠᠯᠲᠠ ᠪᠣᠯᠵᠤ ᠥᠩᠭᠡᠷᠡᠯ᠎ᠡ᠃

ᠨᠡᠶᠢᠲᠡᠯᠡᠭᠰᠡᠨ᠄