ᠡᠷᠡᠭᠦᠯ ᠮᠡᠨᠳᠦ ᠶᠢᠨ ᠴᠠᠬᠢᠮ ᠰᠢᠯᠵᠢᠯᠲᠡ ᠶᠢᠨ ᠬᠦᠷᠢᠶᠡᠨ ᠳᠦ ᠴᠠ᠊ ᠬᠥ᠊ ᠬᠠ᠊ ᠬᠣ᠊ ᠶᠠ᠊᠂ ᠡᠷᠡᠭᠦᠯ ᠮᠡᠨᠳᠦ ᠶᠢᠨ ᠶᠠᠮᠤ ᠬᠠᠮᠲᠤᠷᠠᠵᠤ ᠠᠵᠢᠯᠯᠠᠨ᠎ᠠ


ᠳᠡᠯᠡᠬᠡᠢ ᠶᠢᠨ ᠪᠠᠩᠬᠢᠨ ᠤ ᠰᠠᠩᠬᠦᠵᠢᠯᠲᠡ ᠲᠡᠢ ᠬᠡᠷᠡᠭᠵᠢᠭᠦᠯᠵᠦ ᠪᠤᠢ 《ᠴᠠᠬᠢᠮ ᠡᠷᠡᠭᠦᠯ ᠮᠡᠨᠳᠦ》 ᠲᠥᠰᠦᠯ᠂ ᠡᠷᠡᠭᠦᠯ ᠮᠡᠨᠳᠦ ᠶᠢᠨ ᠰᠠᠯᠪᠤᠷᠢ ᠶᠢᠨ ᠴᠠᠬᠢᠮ ᠰᠢᠯᠵᠢᠯᠲᠡ ᠶᠢᠨ ᠬᠦᠷᠢᠶᠡᠨ ᠳᠦ ᠴᠠ᠊ ᠬᠥ᠊ ᠬᠠ᠊ ᠬᠣ᠊ ᠤ ᠰᠠᠶᠢᠳ᠂ ᠡᠷᠡᠭᠦᠯ ᠮᠡᠨᠳᠦ ᠶᠢᠨ ᠰᠠᠶᠢᠳ ᠤᠨ ᠬᠠᠮᠲᠤᠷᠠᠭᠰᠠᠨ ᠲᠤᠰᠢᠶᠠᠯ ᠒᠐᠒᠒ ᠣᠨ ᠤ ᠑᠐ ᠰᠠᠷ᠎ᠠ ᠶᠢᠨ ᠑᠘ ᠍ ᠤ ᠡᠳᠦᠷ ᠭᠠᠷᠴᠤ᠂ ᠡᠷᠡᠭᠦᠯ ᠮᠡᠨᠳᠦ ᠶᠢᠨ ᠪᠠᠶᠢᠭᠤᠯᠤᠯᠭ᠎ᠠ ᠨᠤᠭᠤᠳ ᠲᠤ ᠬᠡᠷᠡᠭᠯᠡᠭᠳᠡᠬᠦ ᠫᠷᠣᠭᠷᠠᠮ ᠬᠠᠩᠭᠠᠮᠵᠢ ᠳᠤ ᠲᠠᠯᠪᠢᠭᠳᠠᠬᠤ ᠨᠥᠬᠥᠴᠡᠯ ᠱᠠᠭᠠᠷᠳᠠᠯᠭ᠎ᠠ᠂ ᠲᠧᠭᠨᠢᠭ ᠰᠲ᠋ᠠᠨᠳᠠᠷᠲ᠂ 《ᠡᠷᠡᠭᠦᠯ ᠮᠡᠨᠳᠦ ᠶᠢᠨ ᠴᠠᠬᠢᠮ ᠪᠦᠷᠢᠳᠬᠡᠯ᠂ ᠮᠡᠳᠡᠭᠡᠯᠡᠯ ᠦᠨ ᠰᠠᠩ ᠤᠨ ᠥᠭᠭᠥᠭᠳᠡᠯ ᠰᠣᠯᠢᠯᠴᠠᠬᠤ᠂ ᠬᠠᠳᠠᠭᠠᠯᠠᠬᠤ᠂ ᠬᠠᠮᠠᠭᠠᠯᠠᠬᠤ᠂ ᠪᠠᠶᠠᠵᠢᠭᠤᠯᠬᠤ᠂ ᠠᠰᠢᠭᠯᠠᠬᠤ》 ᠵᠢᠷᠤᠮ ᠤᠨ ᠲᠥᠰᠦᠯ ᠢ ᠪᠣᠯᠪᠠᠰᠤᠷᠠᠭᠤᠯᠬᠤ ᠡᠭᠦᠷᠭᠡ ᠪᠦᠬᠦᠢ ᠠᠵᠢᠯ ᠤᠨ ᠬᠡᠰᠡᠭ ᠦᠨ ᠪᠦᠷᠢᠯᠳᠦᠬᠦᠨ᠂ ᠤᠳᠤᠷᠢᠳᠤᠮᠵᠢ ᠶᠢ ᠪᠠᠲᠤᠯᠠᠭᠰᠠᠨ᠃

ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠴᠠ᠊ ᠬᠥ᠊ ᠬᠠ᠊ ᠬᠣ᠊ ᠶᠠ᠊ ᠪᠣᠯᠤᠨ ᠡᠷᠡᠭᠦᠯ ᠮᠡᠨᠳᠦ ᠶᠢᠨ ᠶᠠᠮᠤ ᠤ ᠤᠳᠤᠷᠢᠳᠤᠯᠭ᠎ᠠ ᠨᠤᠭᠤᠳ᠂ ᠠᠵᠢᠯ ᠤᠨ ᠬᠡᠰᠡᠭ ᠦᠨ ᠪᠦᠷᠢᠯᠳᠦᠬᠦᠨ ᠥᠨᠥᠳᠥᠷ ᠬᠠᠮᠲᠤᠷᠠᠭᠰᠠᠨ ᠠᠭᠤᠯᠵᠠᠯᠲᠠ ᠵᠣᠬᠢᠶᠠᠨ ᠪᠠᠶᠢᠭᠤᠯᠵᠤ᠂ ᠡᠮ ᠦᠨ ᠴᠢᠨᠠᠷ᠂ ᠬᠠᠭᠤᠷᠮᠠᠴᠢ ᠪᠣᠯᠤᠨ ᠰᠲ᠋ᠠᠨᠳᠠᠷᠲ ᠪᠤᠰᠤ ᠡᠮ ᠦᠨ ᠦᠢᠯᠡᠳᠪᠦᠷᠢᠯᠡᠯ᠂ ᠨᠡᠶᠢᠯᠡᠭᠦᠯᠦᠯᠲᠡ ᠶᠢ ᠴᠠᠬᠢᠮ ᠰᠢᠰᠲ᠋ᠧᠮ ᠢᠶᠡᠷ ᠬᠡᠷᠬᠢᠨ ᠬᠢᠨᠠᠬᠤ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠵᠤ᠂ ᠰᠢᠢᠳᠦᠯ ᠢᠶᠡᠨ ᠬᠡᠯᠡᠯᠴᠡᠯ᠎ᠡ᠃

ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠎ᠴᠠ᠊ ᠬᠥ᠊ ᠬᠠ᠊ ᠬᠣ᠊ ᠶᠠ᠊ ᠪᠣᠯᠤᠨ ᠡᠷᠡᠭᠦᠯ ᠮᠡᠨᠳᠦ ᠶᠢᠨ ᠶᠠᠮᠤ ᠤ ᠤᠳᠤᠷᠢᠳᠤᠯᠭ᠎ᠠ ᠨᠤᠭᠤᠳ᠂ ᠠᠵᠢᠯ ᠤᠨ ᠬᠠᠤᠯᠵᠠᠯᠲᠠ ᠳᠤ ᠴᠠ᠊ ᠬᠥ᠊ ᠬᠠ᠊ ᠬᠣ᠊ ᠶᠠ᠊᠂ ᠡᠷᠡᠭᠦᠯ ᠮᠡᠨᠳᠦ ᠶᠢᠨ ᠶᠠᠮᠤ᠂ ᠨᠡᠶᠢᠰᠯᠡᠯ ᠦᠨ ᠡᠷᠡᠭᠦᠯ ᠮᠡᠨᠳᠦ ᠶᠢᠨ ᠭᠠᠵᠠᠷ᠂ ᠦᠨᠳᠦᠰᠦᠨ ᠦ ᠳᠠᠲ᠋ᠠ ᠲᠥᠪ᠂ 《e-mongolia》 УТҮГ ᠪᠣᠯᠤᠨ ᠬᠤᠪ ᠤᠨ ᠬᠡᠪᠰᠢᠯ ᠦᠨ ᠲᠥᠯᠥᠭᠡᠯᠡᠯ ᠦᠳ ᠣᠷᠣᠯᠴᠠᠵᠤ᠂ 《ᠠᠷᠭᠠᠭᠤᠨ》 ХХК ᠍ ᠢ ᠠᠴᠠ᠄ ᠸᠢᠷᠲᠤᠸᠠᠯ ᠡᠮ ᠵᠦᠢᠴᠢ᠂ ᠡᠮ ᠦᠨ ᠵᠣᠬᠢᠰᠲᠠᠢ ᠬᠡᠷᠡᠭᠯᠡᠭᠡ ᠶᠢ ᠲᠥᠯᠦᠪᠰᠢᠭᠦᠯᠬᠦ ᠨᠢ ᠰᠡᠳᠦᠪ ᠢᠶᠡᠷ; ᠮᠡᠳᠡᠭᠡᠯᠡᠯ ᠦᠨ ᠰᠢᠰᠲ᠋ᠧᠮ ᠦᠨ ᠰᠢᠨᠵᠢᠭᠡᠴᠢ ᠡ᠊ ∙ ᠮᠢᠭᠮᠠᠷ-ᠥᠯᠵᠡᠢ᠄ 《ᠡᠮ ᠦᠨ ᠬᠢᠨᠠᠯᠲᠠ ᠶᠢᠨ ᠨᠢᠭᠡᠳᠦᠭᠰᠡᠨ ᠮᠡᠳᠡᠭᠡᠯᠡᠯ ᠦᠨ ᠰᠢᠰᠲ᠋ᠧᠮ》 ᠍ ᠦᠨ ᠲᠠᠯ᠎ᠠ ᠪᠠᠷ ᠲᠠᠨᠢᠯᠴᠠᠭᠤᠯᠭ᠎ᠠ᠂ ᠮᠡᠳᠡᠭᠡᠯᠡᠯ ᠬᠦᠷᠭᠡᠭᠰᠡᠨ ᠶᠤᠮ᠃

ᠴᠠ᠊ ᠬᠥ᠊ ᠬᠠ᠊ ᠬᠣ᠊ ᠤ ᠰᠠᠶᠢᠳ ᠨ ∙ ᠤᠴᠠᠷᠠᠯ᠄ ᠪᠣᠳᠣᠯᠭ᠎ᠠ ᠪᠠᠷᠢᠵᠤ ᠪᠠᠶᠢᠭ᠎ᠠ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠡᠷᠬᠡ ᠵᠦᠢ ᠶᠢᠨ ᠡᠭᠦᠷᠭᠡ ᠨᠢ ᠪᠠᠶᠢᠭ᠎ᠠ ᠤᠴᠢᠷ ᠠᠴᠠ ᠮᠡᠷᠭᠡᠵᠢᠯ ᠠᠷᠭ᠎ᠠ ᠵᠦᠢ ᠶᠢᠨ ᠵᠥᠪᠯᠡᠭᠡ ᠥᠭᠴᠦ᠂ ᠬᠡᠷᠡᠭᠵᠢᠯᠲᠡ ᠶᠢ ᠬᠠᠩᠭᠠᠬᠤ ᠳᠤ ᠬᠠᠮᠲᠤᠷᠠᠵᠤ ᠠᠵᠢᠯᠯᠠᠬᠤ ᠪᠠᠨ ᠢᠯᠡᠷᠬᠡᠶᠢᠯᠡᠭᠡᠳ᠂ ᠣᠳᠣ ᠪᠠᠷ ᠬᠡᠷᠡᠭᠵᠢᠵᠦ ᠪᠤᠢ ᠘᠐ ᠭᠠᠷᠤᠢ ᠰᠲ᠋ᠠᠨᠳᠠᠷᠲ ᠪᠠᠶᠢᠨ᠎ᠠ᠃ ᠨᠢᠭᠡᠳᠦᠭᠰᠡᠨ ᠪᠠᠶᠢᠳᠠᠯ ᠢᠶᠠᠷ ᠡ᠊ ᠮᠡᠨ᠋᠊ ᠪᠠᠶᠢ᠊ ᠍ ᠳᠦ ᠬᠡᠷᠡᠭᠯᠡᠭᠳᠡᠬᠦ ᠮᠡᠳᠡᠭᠡᠯᠡᠯ ᠲᠧᠭᠨᠣᠯᠣᠭᠢ ᠶᠢᠨ ᠰᠲ᠋ᠠᠨᠳᠠᠷᠲ ᠢ ᠬᠠᠮᠲᠤᠷᠠᠵᠤ ᠪᠠᠲᠤᠯᠠᠭᠠᠳ᠂ ᠡᠮ ᠦᠨ ᠵᠢᠭᠰᠠᠭᠠᠯᠲᠠ ᠳᠤ ᠪᠠᠶᠢᠭ᠎ᠠ ᠡᠮ᠎ᠡ ᠨᠦᠭᠦᠳ ᠢ ᠴᠠᠬᠢᠮ ᠪᠦᠷᠢᠳᠬᠡᠯ ᠳᠦ ᠣᠷᠣᠭᠤᠯᠵᠤ᠂ ᠡᠮ ᠲᠡᠢ ᠬᠣᠯᠪᠣᠭ᠎ᠠ ᠲᠠᠢ ᠲᠤᠰᠬᠠᠢ ᠵᠥᠪᠰᠢᠶᠡᠷᠡᠯ ᠢ ᠴᠠᠬᠢᠮ ᠰᠢᠰᠲ᠋ᠧᠮ ᠳᠦ ᠰᠠᠭᠤᠯᠭᠠᠬᠤ᠂ ᠬᠣᠯᠪᠣᠯᠲᠠ ᠬᠡᠢ ᠶᠢᠨ᠂ ᠠᠦ᠋ᠳᠢᠲ ᠤᠨ ᠵᠥᠪᠯᠡᠮᠵᠢ ᠪᠡᠨ ᠬᠡᠷᠡᠭᠵᠢᠭᠦᠯᠵᠦ ᠠᠵᠢᠯᠯᠠᠬᠤ ᠲᠠᠯ᠎ᠠ ᠪᠠᠷ ᠳᠤᠷᠠᠳᠤᠯ᠎ᠠ.ᠰᠡᠭ ᠦᠨ ᠪᠦᠷᠢᠯᠳᠦᠬᠦᠨ ᠥᠨᠥᠳᠥᠷ ᠬᠠᠮᠲᠤᠷᠠᠭᠰᠠᠨ ᠠᠭᠤᠯᠵᠠᠯᠲᠠ ᠵᠣᠬᠢᠶᠠᠨ ᠪᠠᠶᠢᠭᠤᠯᠵᠤ᠂ ᠡᠮ ᠦᠨ ᠴᠢᠨᠠᠷ᠂ ᠬᠠᠭᠤᠷᠮᠠᠴᠢ ᠪᠣᠯᠤᠨ ᠰᠲ᠋ᠠᠨᠳᠠᠷᠲ ᠪᠤᠰᠤ ᠡᠮ ᠦᠨ ᠦᠢᠯᠡᠳᠪᠦᠷᠢᠯᠡᠯ᠂ ᠨᠡᠶᠢᠯᠡᠭᠦᠯᠦᠯᠲᠡ ᠶᠢ ᠴᠠᠬᠢᠮ ᠰᠢᠰᠲ᠋ᠧᠮ ᠢᠶᠡᠷ ᠬᠡᠷᠬᠢᠨ ᠬᠢᠨᠠᠬᠤ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠵᠤ᠂ ᠰᠢᠢᠳᠦᠯ ᠢᠶᠡᠨ ᠬᠡᠯᠡᠯᠴᠡᠯ᠎ᠡ᠃

ᠡᠷᠡᠭᠦᠯ ᠮᠡᠨᠳᠦ ᠶᠢᠨ ᠶᠠᠮᠤ ᠤ ᠰᠠᠶᠢᠳ ᠰ ∙ ᠡᠩᠬᠡᠪᠣᠯᠤᠳ᠄ ᠲᠥᠰᠥᠯ ᠨᠢᠭᠡᠨᠲᠡ ᠬᠡᠷᠡᠭᠵᠢᠭᠡᠳ᠂ ᠪᠠᠭ᠎ᠠ ᠦᠭᠡᠢ ᠠᠵᠢᠯ ᠬᠢᠭᠳᠡᠭᠡᠳ ᠶᠠᠪᠤᠵᠤ ᠪᠠᠶᠢᠭ᠎ᠠ ᠤᠴᠢᠷ ᠬᠣᠶᠠᠷ ᠶᠠᠮᠤᠨ ᠤ ᠠᠵᠢᠯ ᠤᠨ ᠬᠡᠰᠡᠭ ᠡᠨᠡ ᠠᠵᠢᠯ ᠢ ᠡᠷᠴᠢᠮᠵᠢᠭᠦᠯᠵᠦ ᠠᠵᠢᠯᠯᠠᠬᠤ᠂ ᠕᠓᠐ ᠣᠷᠴᠢᠮ ᠡᠮᠨᠡᠯᠭᠡ ᠠᠩᠬᠠᠨ ᠱᠠᠲᠤᠨ ᠤ ᠥᠭᠭᠥᠭᠳᠡᠯ ᠰᠣᠯᠢᠯᠴᠠᠭ᠎ᠠ ᠳᠤ ᠡᠬᠢᠯᠡᠭᠰᠡᠨ᠃ ᠪᠦᠬᠦ ᠵᠦᠢᠯ ᠢ ᠢᠯᠡ ᠪᠣᠯᠭᠠᠬᠤ ᠨᠢ ᠦᠨᠳᠦᠰᠦᠨ ᠦ ᠠᠶᠤᠯ ᠦᠭᠡᠢ ᠪᠠᠶᠢᠳᠠᠯ ᠤᠨ ᠬᠡᠮᠵᠢᠶᠡᠨ ᠳᠦ ᠶᠠᠷᠢᠭᠳᠠᠳᠠᠭ ᠵᠦᠢᠯ ᠤᠴᠢᠷ ᠠᠴᠠ ᠪᠦᠭᠦᠳᠡ ᠶᠢ ᠢᠯᠡ ᠪᠣᠯᠭᠠᠬᠤ ᠨᠢ ᠤᠴᠢᠷ ᠳᠤᠲᠠᠭᠳᠠᠯ ᠲᠠᠢ᠃ ᠪᠦᠷᠢᠳᠬᠡᠭᠡᠳ᠂ ᠬᠢᠨᠠᠳᠠᠭ ᠪᠠᠶᠢᠬᠤ ᠲᠠᠯ᠎ᠠ ᠪᠠᠷ ᠳᠤᠷᠠᠳᠤᠭᠰᠠᠨ ᠶᠤᠮ᠃

ᠬᠠᠮᠲᠤᠷᠠᠭᠰᠠᠨ ᠠᠭᠤᠯᠵᠠᠯᠲᠠ ᠶᠢᠨ ᠦᠷ᠎ᠡ ᠳᠦᠩ ᠳᠦ ᠠᠵᠢᠯ ᠤᠨ ᠬᠡᠰᠡᠭ᠂ ᠬᠣᠶᠠᠷ ᠰᠠᠷ᠎ᠠ ᠶᠢᠨ ᠬᠤᠭᠤᠴᠠᠭᠠᠨ ᠳᠤ 7 ᠬᠣᠨᠣᠭ ᠪᠦᠷᠢ ᠬᠢᠵᠦ᠂ ᠬᠡᠷᠡᠭᠵᠢᠭᠦᠯᠵᠦ ᠪᠤᠢ ᠠᠵᠢᠯ ᠤᠳ ᠢᠶᠠᠨ ᠲᠠᠨᠢᠯᠴᠠᠭᠤᠯᠤᠨ᠂ ᠮᠡᠳᠡᠭᠡᠯᠡᠯ ᠬᠦᠷᠭᠡᠬᠦ ᠪᠡᠷ ᠲᠣᠭᠲᠠᠯ᠎ᠠ᠃

ᠨᠡᠶᠢᠲᠡᠯᠡᠭᠰᠡᠨ᠄