ᠠᠪᠯᠢᠭᠠ ᠦᠭᠡᠢ ᠂ ᠬᠦᠨᠳᠦ ᠰᠤᠷᠲᠠᠯ ᠦᠭᠡᠢ᠂ ᠢᠯᠡ ᠲᠣᠳᠣ ᠲᠥᠷᠦ ᠢ ᠲᠥᠯᠦᠪᠰᠢᠭᠦᠯᠬᠦ ᠳᠦ ᠣᠷᠣᠨ ᠨᠤᠲᠤᠭ ᠤᠨ ᠪᠠᠶᠢᠭᠤᠯᠤᠯᠭ᠎ᠠ ᠨᠤᠭᠤᠳ ᠤᠨ ᠣᠷᠣᠯᠴᠠᠭ᠎ᠠ᠂ ᠪᠣᠳᠠᠲᠤ ᠦᠷ᠎ᠡ ᠳ᠋ᠦᠩ ᠴᠢᠬᠤᠯᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠳᠡᠳ᠋ ᠰᠠᠶᠢᠳ ᠵ ∙ ᠡᠷᠬᠢᠮᠪᠠᠭᠠᠲᠤᠷ ᠪᠠᠶᠠᠨᠬᠣᠩᠭᠣᠷ ᠠᠶᠢᠮᠠᠭ ᠤᠨ ᠪᠦᠬᠦ ᠲᠥᠷᠦ ᠊ᠢᠢᠨ ᠪᠠᠶᠢᠭᠤᠯᠤᠯᠭ᠎ᠠ ᠊ᠢᠢᠨ ᠮᠡᠳᠡᠭᠡᠯᠡᠯ ᠲᠧᠭᠨᠣᠯᠣᠭᠢ᠂ ᠫᠷᠣᠭᠷᠠᠮ ᠬᠠᠩᠭᠠᠮᠵᠢ ᠬᠠᠷᠢᠭᠤᠴᠠᠭᠰᠠᠨ ᠠᠯᠪᠠᠨ ᠬᠠᠭᠠᠭᠴᠢᠳ ᠪᠣᠯᠤᠨ ᠲᠥᠷᠦ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠬᠡᠯᠲᠡᠰ᠂ ᠮᠣᠩᠭᠣᠯ ᠤᠨ ᠴᠠᠬᠢᠯᠭᠠᠨ ᠬᠣᠯᠪᠣᠭ᠎ᠠ ᠬ ᠺ᠊᠂ ᠮᠡᠳᠡᠭᠡᠯᠡᠯ ᠬᠣᠯᠪᠣᠭᠠᠨ ᠊ᠤ ᠰᠦᠯᠵᠢᠶ᠎ᠡ ᠬ᠊ ᠬ᠊ ᠺ᠊᠂ ᠮᠣᠩᠭᠣᠯ ᠰᠢᠤᠳᠠᠨ ᠺᠣᠮᠫᠠᠨᠢᠢ ᠠᠯᠪᠠᠨ ᠬᠠᠭᠠᠭᠴᠢᠳ ᠲᠠᠢ ᠠᠭᠤᠯᠵᠠᠯ᠎ᠠ᠃

ᠠᠭᠤᠯᠵᠠᠯᠲᠠ ᠪᠠᠷ ᠼᠠ᠊ ᠬᠥ᠊ ᠬᠠ᠊ ᠬᠣ᠊-᠊ᠤ ᠍ᠳᠡᠳ᠋ ᠰᠠᠶᠢᠳ ᠵ ∙ ᠡᠷᠬᠢᠮᠪᠠᠭᠠᠲᠤᠷ ᠴᠠᠬᠢᠮ ᠰᠢᠯᠵᠢᠯᠲᠡ ᠊ᠢᠢ ᠡᠷᠴᠢᠮᠵᠢᠭᠦᠯᠬᠦ᠂ ᠴᠠᠬᠢᠮ ᠦᠨᠳᠦᠰᠦᠲᠡᠨ ᠪᠣᠯᠬᠤ ᠵᠣᠷᠢᠯᠲᠠ ᠊ᠢᠢᠨ ᠬᠦᠷᠢᠶᠡᠨ ᠊ᠳᠦ ᠼᠠ᠊ ᠬᠥ᠊ ᠬᠠ᠊ ᠬᠣ᠊ ᠶᠠ᠊  ᠡᠴᠠ ᠬᠡᠷᠡᠭᠵᠢᠭᠦᠯᠵᠦ ᠪᠤᠢ ᠪᠣᠳᠣᠯᠭ᠎ᠠ᠂ ᠦᠢᠯᠡ ᠠᠵᠢᠯᠯᠠᠭ᠎ᠠ ᠊ᠢᠢ ᠲᠠᠨᠢᠯᠴᠠᠭᠤᠯᠵᠤ᠂ ᠮᠡᠳᠡᠭᠡᠯᠡᠯ ᠵᠥᠪᠯᠡᠭᠡ ᠥᠭᠴᠦ᠂ ᠰᠠᠨᠠᠯ ᠰᠣᠯᠢᠯᠴᠠᠯ᠎ᠠ᠃

ᠴᠠᠬᠢᠮ ᠰᠢᠯᠵᠢᠯᠲᠡ ᠊ᠢᠢᠨ ᠵᠣᠷᠢᠯᠭ᠎ᠠ ᠠᠪᠯᠢᠭᠠ ᠦᠭᠡᠢ᠂ ᠬᠦᠨᠳᠦ ᠰᠤᠷᠲᠠᠯ ᠦᠭᠡᠢ᠂ ᠢᠯᠡ ᠲᠣᠳᠣ ᠲᠥᠷᠦ ᠢ ᠲᠥᠯᠦᠪᠰᠢᠭᠦᠯᠬᠦ᠃ ᠡᠭᠦᠨ ᠊ᠳᠦ ᠣᠷᠣᠨ ᠨᠤᠲᠤᠭ ᠤᠨ ᠪᠠᠶᠢᠭᠤᠯᠤᠯᠭ᠎ᠠ ᠨᠤᠭᠤᠳ ᠲᠡᠷᠡ ᠳᠤᠮᠳᠠ ᠪᠠᠨ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ ᠤᠨ ᠳᠡᠮᠵᠢᠯᠭᠡ᠂ ᠣᠷᠣᠯᠴᠠᠭ᠎ᠠ ᠪᠣᠳᠠᠲᠤ ᠦᠷ᠎ᠡ ᠳ᠋ᠦᠩ ᠳᠦ ᠬᠦᠷᠬᠦ ᠳᠦ ᠨᠡᠩ ᠴᠢᠬᠤᠯᠠ ᠪᠣᠯᠬᠤ ᠊ᠢᠢ ᠳᠡᠳ᠋ ᠰᠠᠶᠢᠳ ᠵ ∙ ᠡᠷᠬᠢᠮᠪᠠᠭᠠᠲᠤᠷ ᠣᠨᠴᠠᠯᠠᠭᠠᠳ᠂ ᠶᠠᠮᠤᠨ ᠊ᠤ ᠵᠦᠭ ᠡᠴᠡ ᠪᠣᠳᠣᠯᠭ᠎ᠠ ᠪᠠᠷ ᠳᠡᠮᠵᠢᠵᠦ᠂ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠭᠰᠡᠨ ᠶᠤᠮ᠃

ᠨᠡᠶᠢᠲᠡᠯᠡᠭᠰᠡᠨ᠄