ᠴᠬᠬᠬᠬᠢ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠪ.ᠪᠠᠲᠤᠴᠡᠴᠡᠭ ᠳᠧᠯᠯ ᠲᠧᠭᠨᠣᠯᠣᠭᠢ ᠶᠢᠨ ᠺᠣᠮᠫᠠᠨᠢ ᠶᠢᠨ ᠲᠥᠯᠥᠭᠡᠯᠡᠯ ᠢ ᠬᠦᠯᠢᠶᠡᠨ ᠠᠪᠴᠤ ᠠᠭᠤᠯᠵᠠᠯ᠎ᠠ


ᠠᠭᠤᠯᠵᠠᠯᠲᠠ ᠶᠢᠨ ᠡᠬᠢᠨ ᠳᠦ ᠴᠬᠬᠬᠬᠢ ᠤ ᠲᠥᠷᠦ ᠶᠢᠨ ᠨᠠᠷᠢᠨ ᠪᠢᠴᠢᠭ ᠦᠨ ᠳᠠᠷᠤᠭ᠎ᠠ ᠪ.ᠪᠠᠲᠤᠴᠡᠴᠡᠭ ᠳᠧᠯᠯ ᠲᠧᠭᠨᠣᠯᠣᠭᠢ ᠶᠢᠨ ᠺᠣᠮᠫᠠᠨᠢ ᠶᠢ 《ict expo-2023》 ᠠᠷᠭ᠎ᠠ ᠬᠡᠮᠵᠢᠶᠡᠨ ᠳᠦ ᠣᠷᠣᠯᠴᠠᠵᠤ ᠪᠤᠢ ᠳᠤ ᠲᠠᠯᠠᠷᠬᠠᠯ ᠢᠯᠡᠷᠬᠡᠶᠢᠯᠡᠭᠡᠳ᠂ ᠴᠬᠬᠬᠬᠢ ᠤ ᠵᠦᠭ ᠡᠴᠡ ᠬᠡᠷᠡᠭᠵᠢᠭᠦᠯᠵᠦ ᠪᠤᠢ ᠪᠣᠳᠣᠯᠭ᠎ᠠ ᠦᠢᠯᠡ ᠠᠵᠢᠯᠯᠠᠭ᠎ᠠ ᠶᠢ ᠲᠠᠨᠢᠯᠴᠠᠭᠤᠯᠵᠤ᠂ ᠴᠠᠬᠢᠮ ᠰᠢᠯᠵᠢᠯᠲᠡ ᠶᠢ ᠡᠷᠴᠢᠮᠵᠢᠭᠦᠯᠬᠦ᠂ ᠴᠠᠬᠢᠮ ᠦᠨᠳᠦᠰᠦᠲᠡᠨ ᠪᠣᠯᠬᠤ ᠵᠣᠷᠢᠯᠲᠠ ᠶᠢᠨ ᠬᠦᠷᠢᠶᠡᠨ ᠳᠦ ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠪᠠᠶᠢᠭᠤᠯᠤᠭᠳᠠᠨ ᠠᠵᠢᠯᠯᠠᠵᠤ ᠪᠤᠢ ᠲᠠᠯ᠎ᠠ ᠪᠠᠷ ᠣᠨᠴᠠᠯᠠᠯ᠎ᠠ᠃
ᠳᠧᠯᠯ ᠺᠣᠮᠫᠠᠨᠢ ᠶᠢᠨ ᠵᠦᠭ ᠡᠴᠡ ᠮᠡᠳᠡᠭᠡᠯᠡᠯ ᠲᠧᠭᠨᠣᠯᠣᠭᠢ ᠶᠢᠨ ᠢᠨᠵᠧᠨᠧᠷ ᠦᠳ ᠪᠠᠶᠢᠩᠭᠤ ᠰᠤᠷᠴᠤ᠂ ᠬᠥᠭᠵᠢᠵᠦ ᠪᠠᠶᠢᠬᠤ ᠱᠠᠭᠠᠷᠳᠠᠯᠭ᠎ᠠ ᠲᠠᠢ. ᠬᠦᠮᠦᠨ ᠦ ᠨᠥᠭᠡᠴᠡ ᠶᠢ ᠴᠢᠳᠠᠪᠬᠢᠵᠢᠭᠤᠯᠬᠤ ᠴᠢᠭᠯᠡᠯ ᠢᠶᠡᠷ ᠬᠠᠮᠲᠤᠷᠠᠭᠰᠠᠨ ᠬᠥᠲᠦᠯᠪᠦᠷᠢ ᠬᠡᠷᠡᠭᠵᠢᠭᠦᠯᠬᠦ᠂ ᠳᠡᠯᠡᠬᠡᠢ ᠳᠦ ᠲᠡᠷᠢᠭᠦᠯᠡᠭᠴᠢ ᠦᠢᠯᠡᠳᠪᠦᠷᠢᠯᠡᠭᠴᠢ ᠺᠣᠮᠫᠠᠨᠢ ᠶᠢᠨ ᠬᠤᠪᠢ ᠳᠤ ᠪᠤᠰᠤᠳ ᠦᠢᠯᠡᠳᠪᠦᠷᠢᠯᠡᠭᠴᠢ ᠺᠣᠮᠫᠠᠨᠢ ᠨᠤᠭᠤᠳ ᠲᠠᠢ ᠨᠡᠭᠡᠭᠡᠯᠲᠡ ᠲᠡᠢ ᠬᠠᠮᠲᠤᠷᠠᠨ ᠠᠵᠢᠯᠯᠠᠳᠠᠭ. ᠰᠠᠶᠢᠨ ᠲᠤᠷᠰᠢᠯᠭ᠎ᠠ ᠪᠠᠨ ᠬᠤᠪᠢᠶᠠᠯᠴᠠᠨ᠂ ᠲᠣᠭᠠᠨ ᠪᠢᠴᠢᠭ ᠦᠰᠦᠭ ᠦᠨ ᠴᠢᠳᠠᠪᠤᠷᠢ᠂ ᠡᠭᠦᠯᠡᠨ ᠲᠧᠭᠨᠣᠯᠣᠭᠢ ᠶᠢᠨ ᠴᠢᠭᠯᠡᠯ ᠢᠶᠡᠷ ᠬᠠᠮᠲᠤᠷᠠᠵᠤ ᠠᠵᠢᠯᠯᠠᠬᠤ ᠪᠥᠷᠢᠨ ᠪᠣᠯᠤᠮᠵᠢ ᠲᠠᠢ ᠶᠢ ᠢᠯᠡᠷᠬᠡᠶᠢᠯᠡᠯ᠎ᠡ᠃
ᠳᠧᠯᠯ ᠲᠧᠭᠨᠣᠯᠣᠭᠢ ᠶᠢᠨ ᠺᠣᠮᠫᠠᠨᠢ ᠨᠢ ᠳᠡᠳ᠋ ᠪᠦᠲᠦᠴᠡ ᠶᠢᠨ ᠬᠠᠮᠤᠭ ᠤᠨ ᠲᠣᠮᠣ ᠦᠢᠯᠡᠳᠪᠦᠷᠢᠯᠡᠭᠴᠢ ᠪᠥᠭᠡᠳ ᠬᠡᠷᠡᠭᠯᠡᠭᠴᠢᠳ ᠲᠦ ᠺᠣᠮᠫᠢᠶᠦ᠋ᠲ᠋ᠧᠷ᠂ ᠲᠣᠨᠣᠭ ᠲᠥᠬᠥᠭᠡᠷᠦᠮᠵᠢ᠂ data᠂ cloud᠂ end-to-end ᠰᠢᠢᠳᠦᠯ ᠢ ᠰᠠᠨᠠᠯ ᠪᠣᠯᠭᠠᠵᠤ ᠳᠡᠯᠡᠬᠡᠢ ᠶᠢᠨ 182 ᠣᠷᠣᠨ ᠳᠤ ᠦᠢᠯᠡ ᠠᠵᠢᠯᠯᠠᠭ᠎ᠠ ᠶᠢ ᠪᠠᠨ ᠶᠠᠪᠤᠭᠤᠯᠳᠠᠭ ᠺᠣᠮᠫᠠᠨᠢ ᠶᠤᠮ᠃

ᠨᠡᠶᠢᠲᠡᠯᠡᠭᠰᠡᠨ᠄