《ᠫᠷᠣᠭᠷᠠᠮ ᠬᠠᠩᠭᠠᠮᠵᠢ ᠶᠢᠨ ᠰᠠᠯᠪᠤᠷᠢ ᠳᠤ ᠲᠥᠷᠥ ᠬᠤᠪ ᠤᠨ ᠬᠡᠪᠰᠢᠯ ᠦᠨ ᠲᠦᠩᠰᠢᠯᠡᠯ MINING the MIND》 ᠨᠡᠭᠡᠭᠡᠯᠲᠡ ᠲᠡᠢ ᠠᠭᠤᠯᠵᠠᠯᠲᠠ᠂ ᠬᠡᠯᠡᠯᠴᠡᠭᠦᠯᠭᠡ ᠵᠣᠬᠢᠶᠠᠨ ᠪᠠᠶᠢᠭᠤᠯᠤᠯ᠎ᠠ


ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠶᠢᠨ ᠭᠣᠣᠯ ᠴᠥᠮ᠎ᠡ ᠨᠢ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠪᠢᠯᠡ᠃ ᠮᠣᠩᠭᠣᠯ ᠤᠯᠤᠰ ᠲᠤ ᠫᠷᠣᠭᠷᠠᠮ ᠬᠠᠩᠭᠠᠮᠵᠢ ᠶᠢᠨ ᠬᠤᠪ ᠤᠨ ᠬᠡᠪᠰᠢᠯ ᠦᠨ 500 ᠭᠠᠷᠤᠢ ᠺᠣᠮᠫᠠᠨᠢ ᠦᠢᠯᠡ ᠠᠵᠢᠯᠯᠠᠭ᠎ᠠ ᠥᠷᠨᠢᠭᠦᠯᠵᠦ ᠪᠠᠶᠢᠨ᠎ᠠ᠃

ᠮᠡᠷᠭᠡᠵᠢᠯᠲᠡᠨ ᠨᠦᠭᠦᠳ ᠦᠨ ᠰᠠᠨᠠᠯ᠂ ᠳ᠋ᠦᠩᠨᠡᠯᠲᠡ᠂ ОУ ᠍ ᠤᠨ ᠲᠤᠷᠰᠢᠯᠭ᠎ᠠ ᠳᠤ ᠦᠨᠳᠦᠰᠦᠯᠡᠨ ᠺᠯᠠᠦ᠋ᠳ ᠲᠧᠭᠨᠣᠯᠣᠭᠢ ᠳᠤ ᠰᠠᠭᠤᠷᠢᠯᠠᠭᠰᠠᠨ ᠦᠨᠳᠦᠰᠦᠨ ᠦ 《app store》 ᠍ ᠢ ᠪᠤᠢ ᠪᠣᠯᠭᠠᠵᠤ ᠦᠢᠯᠡᠳᠪᠦᠷᠢᠯᠡᠭᠴᠢᠳ ᠢ ᠳᠡᠮᠵᠢᠬᠦ᠂ ᠲᠥᠷᠥ ᠶᠢᠨ ᠬᠤᠳᠠᠯᠳᠤᠨ ᠠᠪᠤᠯᠲᠠ ᠳᠤ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠢ ᠶᠠᠮᠠᠷ ᠨᠢᠭᠡ ᠢᠯᠭᠠᠪᠤᠷᠢᠯᠠᠯ ᠦᠭᠡᠢ ᠪᠡᠷ᠂ ᠴᠢᠯᠦᠭᠡᠲᠦ ᠥᠷᠢᠰᠦᠯᠳᠦᠭᠡᠨ ᠦ ᠵᠠᠷᠴᠢᠮ ᠳᠤ ᠲᠤᠯᠭᠠᠭᠤᠷᠢᠯᠠᠨ ᠬᠠᠮᠲᠤᠷᠠᠨ ᠠᠵᠢᠯᠯᠠᠬᠤ᠂ ᠰᠠᠯᠪᠤᠷᠢ ᠬᠣᠭᠣᠷᠣᠨᠳᠣ ᠶᠢᠨ ᠰᠢᠰᠲ᠋ᠧᠮ ᠢᠨᠲ᠋ᠧᠭᠷᠴᠴᠢᠯᠠᠯ ᠢ ᠰᠠᠶᠢᠵᠢᠷᠠᠭᠤᠯᠬᠤ᠂ ᠤᠶᠠᠯᠳᠤᠭ᠎ᠠ ᠬᠣᠯᠪᠣᠭ᠎ᠠ ᠶᠢ ᠬᠠᠩᠭᠠᠬᠤ᠂ ᠫᠷᠣᠭᠷᠠᠮ ᠬᠠᠩᠭᠠᠮᠵᠢ ᠶᠢᠨ ᠰᠠᠯᠪᠤᠷᠢ ᠳᠤ ᠡᠺᠣ ᠰᠢᠰᠲ᠋ᠧᠮ ᠪᠦᠷᠢᠭᠦᠯᠬᠦ ᠪᠡᠷ ᠠᠵᠢᠯᠯᠠᠵᠤ ᠪᠤᠢ ᠶᠢ ᠪᠠᠨ ᠴᠠ᠊ ᠬᠥ᠊ ᠬᠠ᠊ ᠬᠣ᠊ ᠤ ᠰᠠᠶᠢᠳ ᠨ ∙ ᠤᠴᠠᠷᠠᠯ ᠣᠨᠴᠠᠯᠠᠭᠰᠠᠨ ᠶᠤᠮ᠃

ᠬᠠ᠊ ᠬᠣᠯ᠊ ᠮᠡ᠊ ᠲᠧᠬ᠊ ᠶᠢᠨ ᠰᠠᠯᠪᠤᠷᠢ ᠳᠤ ᠲᠤᠯᠭᠠᠮᠳᠠᠵᠤ ᠪᠤᠢ ᠠᠰᠠᠭᠤᠳᠠᠯ᠂ ᠪᠡᠷᠬᠡᠰᠢᠶᠡᠯ ᠪᠣᠯᠤᠨ ᠫᠷᠣᠭᠷᠠᠮ ᠬᠠᠩᠭᠠᠮᠵᠢ ᠶᠢᠨ ᠠᠰᠠᠭᠤᠳᠠᠯ ᠢ ᠬᠥᠭᠵᠢᠯ ᠦᠨ ᠪᠣᠳᠣᠯᠭ᠎ᠠ ᠲᠠᠢ ᠬᠡᠷᠬᠢᠨ ᠤᠶᠠᠯᠳᠤᠭᠤᠯᠬᠤ᠂ ᠬᠠᠤᠯᠢ ᠡᠷᠬᠡ ᠵᠦᠢ ᠶᠢᠨ ᠬᠤᠪᠢ ᠳᠤ ᠳᠦᠷᠢᠮ᠂ ᠵᠢᠷᠤᠮ ᠤᠨ ᠶᠠᠮᠠᠷ ᠠᠰᠠᠭᠤᠳᠠᠯ ᠪᠠᠶᠢᠭ᠎ᠠ ᠲᠠᠯ᠎ᠠ ᠪᠠᠷ ᠭᠠᠷᠭᠠᠯᠭ᠎ᠠ ᠰᠢᠢᠳᠦᠯ ᠤᠯᠬᠤ ᠵᠣᠷᠢᠯᠭ᠎ᠠ ᠪᠦᠬᠦᠢ ᠤᠭ ᠨᠡᠭᠡᠭᠡᠯᠲᠡ ᠲᠡᠢ ᠠᠭᠤᠯᠵᠠᠯᠲᠠ᠂ ᠬᠡᠯᠡᠯᠴᠡᠭᠦᠯᠭᠡ ᠳᠦ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠶᠢᠨ 20 ᠣᠷᠴᠢᠮ ᠪᠠᠶᠢᠭᠤᠯᠤᠯᠭ᠎ᠠ ᠶᠢᠨ ᠤᠳᠤᠷᠢᠳᠤᠯᠭ᠎ᠠ ᠨᠤᠭᠤᠳ ᠪᠣᠯᠤᠨ ᠮᠡᠷᠭᠡᠵᠢᠯ ᠦᠨ ᠬᠣᠯᠪᠣᠭᠠᠳ ᠤᠨ ᠲᠥᠯᠥᠭᠡᠯᠡᠯ ᠦᠳ ᠣᠷᠣᠯᠴᠠᠯ᠎ᠠ᠃

ᠨᠡᠶᠢᠲᠡᠯᠡᠭᠰᠡᠨ᠄