ᠮᠤ ᠤᠨ ᠶᠡᠷᠦᠩᠬᠡᠢ ᠰᠠᠶᠢᠳ ᠤᠨ ᠠᠯᠪᠠᠨ ᠳᠠᠭᠠᠭᠠᠯᠭᠠᠪᠤᠷᠢ ᠶᠢᠨ ᠳᠠᠭᠠᠤ ᠵᠠᠰᠠᠭ ᠤᠨ ᠭᠠᠵᠠᠷ ᠤᠨ ᠪᠦᠬᠦ ᠲᠤᠰᠬᠠᠢ ᠰᠠᠩ ᠤᠨ ᠮᠡᠳᠡᠭᠡᠯᠡᠯ ᠨᠡᠭᠡᠭᠡᠯᠲᠡ ᠲᠡᠢ ᠢᠯᠡ ᠲᠣᠳᠣ ᠪᠣᠯᠤᠯ᠎ᠠ


ᠮᠣᠩᠭᠣᠯ ᠤᠯᠤᠰ ᠤᠨ ᠵᠠᠰᠠᠭ ᠤᠨ ᠭᠠᠵᠠᠷ 《2023-2024 ᠣᠨ ᠢ ᠠᠪᠤᠯᠠᠭ ᠲᠠᠢ ᠲᠡᠮᠡᠴᠡᠬᠦ ᠵᠢᠯ ᠪᠣᠯᠭᠠᠨ ᠵᠠᠷᠯᠠᠬᠤ ᠲᠤᠬᠠᠢ》 49 ᠳᠦᠭᠡᠷ ᠲᠣᠭᠲᠠᠭᠠᠯ ᠪᠠᠲᠤᠯᠠᠭᠳᠠᠵᠤ᠂ 《5 ᠱ》 ᠠᠵᠢᠯᠯᠠᠭ᠎ᠠ ᠶᠢ ᠬᠡᠷᠡᠭᠵᠢᠭᠦᠯᠵᠦ 《ᠰᠢᠯᠢᠨ》 ᠠᠵᠢᠯᠯᠠᠭ᠎ᠠ ᠶᠢ ᠡᠬᠢᠯᠡᠭᠦᠯᠦᠭᠰᠡᠨ᠃ 2023 ᠣᠨ ᠤ 4 ᠳᠦᠭᠡᠷ ᠰᠠᠷ᠎ᠠ ᠶᠢᠨ 17 ᠍ ᠤ ᠡᠳᠦᠷ ᠮᠣᠩᠭᠣᠯ ᠤᠯᠤᠰ ᠤᠨ ᠶᠡᠷᠦᠩᠬᠡᠢ ᠰᠠᠶᠢᠳ ᠤᠨ 《ᠰᠢᠯᠢ ᠠᠵᠢᠯᠯᠠᠭᠠᠨ ᠤ ᠬᠡᠷᠡᠭᠵᠢᠯᠲᠡ ᠶᠢ ᠡᠷᠴᠢᠮᠵᠢᠭᠦᠯᠬᠦ ᠲᠤᠬᠠᠢ》 01 ᠳᠦᠭᠡᠷ ᠠᠯᠪᠠᠨ ᠳᠠᠭᠠᠭᠠᠯᠭᠠᠪᠤᠷᠢ ᠭᠠᠷᠤᠭᠰᠠᠨ᠃
ᠡᠭᠦᠨ ᠦ ᠬᠦᠷᠢᠶᠡᠨ ᠳᠦ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠲᠤᠰᠬᠠᠢ ᠰᠠᠩ ᠤᠨ ᠲᠤᠬᠠᠢ ᠬᠠᠤᠯᠢ ᠪᠠᠷ ᠨᠡᠶᠢᠲᠡ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠭ᠎ᠠ ᠨᠡᠶᠢᠲᠡ 24 ᠰᠠᠩ ᠪᠠᠶᠢᠭ᠎ᠠ ᠪᠥᠭᠡᠳ ᠲᠡᠳᠡᠭᠡᠷ ᠦᠨ ᠬᠥᠷᠥᠩᠭᠡ ᠶᠢᠨ ᠵᠠᠷᠤᠴᠠᠭᠤᠯᠤᠯᠲᠠ᠂ ᠭᠦᠢᠴᠡᠳᠬᠡᠯ᠂ ᠰᠠᠩᠬᠦᠵᠢᠭᠦᠯᠦᠭᠰᠡᠨ ᠲᠥᠰᠥᠯ᠂ ᠠᠷᠭ᠎ᠠ ᠬᠡᠮᠵᠢᠶᠡᠨ ᠦ 2008 ᠣᠨ ᠠᠴᠠ ᠬᠣᠶᠢᠰᠢᠬᠢ ᠮᠡᠳᠡᠭᠡᠯᠡᠯ ᠢ ᠢᠯᠡ ᠲᠣᠳᠣ ᠪᠠᠶᠢᠷᠢᠰᠢᠭᠤᠯᠬᠤ ᠠᠵᠢᠯ ᠢ ᠵᠣᠬᠢᠶᠠᠨ ᠪᠠᠶᠢᠭᠤᠯᠤᠯ᠎ᠠ᠃
shilen.gov.mn ᠰᠠᠶᠢᠲᠤ ᠶᠢᠨ 《tᠤᠰᠤᠭᠠᠢ ᠰᠠᠨ》 ᠬᠡᠰᠡᠭ ᠡᠴᠡ ᠳᠠᠷᠠᠭᠠᠬᠢ ᠮᠡᠳᠡᠭᠡᠯᠡᠯ ᠢ ᠳᠡᠯᠭᠡᠷᠡᠩᠭᠦᠢ ᠬᠠᠷᠠᠬᠤ ᠪᠣᠯᠤᠮᠵᠢ ᠲᠠᠢ. ᠡᠭᠦᠨ ᠳᠦ᠄
ᠵᠢᠵᠢᠭ᠂ ᠳᠤᠮᠳᠠ ᠦᠢᠯᠡᠳᠪᠦᠷᠢᠯᠡᠯ ᠢ ᠬᠥᠭᠵᠢᠭᠦᠯᠬᠦ ᠰᠠᠩ ᠤᠨ 2009-2022 ᠣᠨ ᠤ ᠬᠣᠭᠣᠷᠣᠨᠳᠣ ᠨᠡᠶᠢᠲᠡ 8᠂403 ᠬᠦᠮᠦᠨ᠂ ᠬᠠᠤᠯᠢ ᠶᠢᠨ ᠡᠲᠡᠭᠡᠳ ᠲᠦ ᠣᠯᠭᠤᠭᠰᠠᠨ 1 ᠶᠡᠬᠡ ᠨᠠᠶᠤᠳ ᠲᠥᠭᠥᠷᠢᠭ ᠦᠨ ᠵᠡᠭᠡᠯᠢ ᠶᠢᠨ ᠮᠡᠳᠡᠭᠡᠯᠡᠯ᠂ ᠡᠭᠦᠨ ᠡᠴᠡ 213.2 ᠲᠡᠷᠪᠤᠮ ᠲᠥᠭᠥᠷᠢᠭ ᠦᠨ ᠵᠡᠭᠡᠯᠢ ᠶᠢᠨ ᠦᠯᠡᠳᠡᠭᠳᠡᠯ ᠦᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠬᠥᠳᠡᠭᠡ ᠠᠵᠤ ᠠᠬᠤᠢ ᠶᠢ ᠳᠡᠮᠵᠢᠬᠦ ᠰᠠᠩ ᠠᠴᠠ 1994–2022 ᠣᠨ ᠤ ᠬᠣᠭᠣᠷᠣᠨᠳᠣ ᠨᠡᠶᠢᠲᠡ 8᠂993 ᠬᠦᠮᠦᠨ᠂ ᠬᠠᠤᠯᠢ ᠶᠢᠨ ᠡᠲᠡᠭᠡᠳ ᠲᠦ ᠣᠯᠭᠤᠭᠰᠠᠨ 207 ᠲᠡᠷᠪᠤᠮ ᠲᠥᠭᠥᠷᠢᠭ ᠦᠨ ᠵᠡᠭᠡᠯᠢ ᠶᠢᠨ ᠮᠡᠳᠡᠭᠡᠯᠡᠯ ᠪᠣᠯᠤᠨ 169.7 ᠲᠡᠷᠪᠤᠮ ᠲᠥᠭᠥᠷᠢᠭ ᠦᠨ ᠵᠡᠭᠡᠯᠢ ᠶᠢᠨ ᠦᠯᠡᠳᠡᠭᠳᠡᠯ ᠦᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠤᠯᠤᠰ ᠤᠨ ᠠᠦ᠋ᠲ᠋ᠣ᠋ ᠵᠠᠮ ᠤᠨ ᠰᠠᠩ ᠤᠨ 2008–2023 ᠣᠨ ᠤ ᠬᠣᠭᠣᠷᠣᠨᠳᠣ ᠨᠡᠶᠢᠲᠡ 106 ᠬᠠᠤᠯᠢ ᠶᠢᠨ ᠡᠲᠡᠭᠡᠳ ᠲᠦ ᠣᠯᠭᠤᠭᠰᠠᠨ 522 ᠲᠥᠰᠥᠯ᠂ ᠬᠥᠲᠥᠯᠪᠦᠷᠢ ᠶᠢᠨ 231᠂1 ᠲᠡᠷᠪᠤᠮ ᠲᠥᠭᠥᠷᠢᠭ ᠦᠨ ᠵᠠᠷᠤᠴᠠᠭᠤᠯᠤᠯᠲᠠ ᠶᠢᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠰᠤᠶᠤᠯ᠂ ᠤᠷᠠᠯᠢᠭ ᠢ ᠳᠡᠮᠵᠢᠬᠦ ᠰᠠᠩ ᠤᠨ 2020–2022 ᠣᠨ ᠤ ᠬᠣᠭᠣᠷᠣᠨᠳᠣ ᠨᠡᠶᠢᠲᠡ 73 ᠬᠦᠮᠦᠨ᠂ ᠬᠠᠤᠯᠢ ᠶᠢᠨ ᠡᠲᠡᠭᠡᠳ ᠲᠦ ᠣᠯᠭᠤᠭᠰᠠᠨ 2᠂8 ᠲᠡᠷᠪᠤᠮ ᠲᠥᠭᠥᠷᠢᠭ ᠦᠨ ᠵᠠᠷᠤᠴᠠᠭᠤᠯᠤᠯᠲᠠ ᠶᠢᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠺᠢᠨᠣ᠋ ᠤᠷᠠᠯᠢᠭ ᠢ ᠳᠡᠮᠵᠢᠬᠦ ᠰᠠᠩ ᠤᠨ 2023 ᠣᠨ ᠳᠤ 11 ᠬᠦᠮᠦᠨ᠂ ᠬᠠᠤᠯᠢ ᠶᠢᠨ ᠡᠲᠡᠭᠡᠳ ᠲᠡᠢ ᠪᠠᠶᠢᠭᠤᠯᠤᠭᠰᠠᠨ 1 ᠲᠡᠷᠪᠤᠮ ᠲᠥᠭᠥᠷᠢᠭ ᠦᠨ ᠰᠠᠩᠬᠦᠵᠢᠯᠲᠡ᠂ ᠣᠳᠣ ᠬᠡᠷᠡᠭᠵᠢᠵᠦ ᠪᠠᠶᠢᠭ᠎ᠠ ᠭᠡᠷ᠎ᠡ ᠶᠢᠨ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠭᠡᠮᠲᠦ ᠬᠡᠷᠡᠭ ᠦᠨ ᠬᠣᠬᠢᠷᠠᠭᠴᠢᠳ ᠨᠥᠬᠥᠨ ᠲᠥᠯᠥᠪᠦᠷᠢ ᠣᠯᠭᠣᠬᠤ ᠰᠠᠩ ᠤᠨ 2012–2023 ᠣᠨ ᠤ ᠬᠣᠭᠣᠷᠣᠨᠳᠣ ᠭᠡᠮᠲᠦ ᠬᠡᠷᠡᠭ ᠦᠨ ᠬᠣᠬᠢᠷᠠᠭᠴᠢ ᠪᠣᠯᠤᠭᠰᠠᠨ 474 ᠢᠷᠭᠡᠨ ᠳᠦ ᠣᠯᠭᠤᠭᠰᠠᠨ 2᠂6 ᠲᠡᠷᠪᠤᠮ ᠲᠥᠭᠥᠷᠢᠭ ᠦᠨ ᠨᠥᠬᠥᠨ ᠲᠥᠯᠥᠪᠦᠷᠢ᠂ 1᠂6 ᠲᠡᠷᠪᠤᠮ ᠲᠥᠭᠥᠷᠢᠭ ᠦᠨ ᠠᠪᠤᠯᠭ᠎ᠠ ᠶᠢᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠪᠣᠯᠪᠠᠰᠤᠷᠠᠯ ᠤᠨ ᠵᠡᠭᠡᠯᠢ ᠶᠢᠨ ᠰᠠᠩ ᠤᠨ 2007-2023 ᠣᠨ ᠤ ᠬᠣᠭᠣᠷᠣᠨᠳᠣ ᠨᠡᠶᠢᠲᠡ 1᠂605 ᠰᠤᠷᠤᠯᠴᠠᠭᠴᠢᠳ ᠭᠠᠳᠠᠭᠠᠳᠤ ᠶᠢᠨ ᠵᠡᠭᠡᠯᠢ᠂ ᠲᠡᠳᠬᠦᠯᠭᠡ ᠶᠢᠨ ᠴᠢᠭᠯᠡᠯ ᠢᠶᠡᠷ ᠣᠯᠭᠤᠭᠰᠠᠨ 269.9 ᠲᠡᠷᠪᠤᠮ ᠲᠥᠭᠥᠷᠢᠭ ᠦᠨ ᠰᠠᠩᠬᠦᠵᠢᠯᠲᠡ᠂ ᠲᠡᠭᠦᠨ ᠡᠴᠡ 259.7 ᠲᠡᠷᠪᠤᠮ ᠲᠥᠭᠥᠷᠢᠭ ᠦᠨ ᠵᠡᠭᠡᠯᠢ ᠶᠢᠨ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢ ᠳᠡᠮᠵᠢᠬᠦ ᠰᠠᠩ ᠤᠨ 2017-2023 ᠣᠨ ᠤ ᠬᠣᠭᠣᠷᠣᠨᠳᠣ ᠳᠠᠪᠬᠤᠷᠳᠠᠭᠰᠠᠨ ᠲᠣᠭ᠎ᠠ ᠪᠠᠷ 666 ᠪᠠᠶᠢᠭᠤᠯᠤᠯᠭ᠎ᠠ᠂ 18᠂477 ᠰᠤᠷᠤᠯᠴᠠᠭᠴᠢᠳ ᠣᠯᠭᠤᠭᠰᠠᠨ 72.2 ᠲᠡᠷᠪᠤᠮ ᠲᠥᠭᠥᠷᠢᠭ ᠦᠨ ᠵᠠᠷᠤᠴᠠᠭᠤᠯᠤᠯᠲᠠ ᠶᠢᠨ ᠮᠡᠳᠡᠭᠡᠯᠡᠯ ᠢ ᠵᠢᠭᠰᠠᠭᠠᠯᠲᠠ ᠶᠢᠨ ᠬᠠᠮᠲᠤ; /ᠲᠤᠰ ᠰᠠᠩ ᠤᠨ 2011-2016 ᠣᠨ ᠤ ᠮᠡᠳᠡᠭᠡᠯᠡᠯ ᠢ ᠢᠷᠡᠭᠦᠯᠦᠭᠡ ᠦᠭᠡᠢ./
ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠰᠠᠩ ᠤᠨ 2007–2022 ᠣᠨ ᠤ ᠬᠣᠭᠣᠷᠣᠨᠳᠣ ᠨᠡᠶᠢᠲᠡ 381 ᠬᠦᠮᠦᠨ᠂ ᠬᠠᠤᠯᠢ ᠶᠢᠨ ᠡᠲᠡᠭᠡᠳ ᠲᠦ ᠣᠯᠭᠤᠭᠰᠠᠨ 2᠂780 ᠲᠥᠰᠥᠯ᠂ ᠬᠥᠲᠥᠯᠪᠦᠷᠢ ᠶᠢᠨ 151.9 ᠲᠡᠷᠪᠤᠮ ᠲᠥᠭᠥᠷᠢᠭ ᠦᠨ ᠵᠠᠷᠤᠴᠠᠭᠤᠯᠤᠯᠲᠠ ᠶᠢᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠪᠠᠶᠢᠭᠠᠯᠢ ᠣᠷᠴᠢᠨ᠂ ᠠᠭᠤᠷ ᠠᠮᠢᠰᠬᠤᠯ ᠤᠨ ᠰᠠᠩ ᠤᠨ 2013-2022 ᠣᠨ ᠤ ᠬᠣᠭᠣᠷᠣᠨᠳᠣ 724 ᠬᠦᠮᠦᠨ᠂ ᠬᠠᠤᠯᠢ ᠶᠢᠨ ᠡᠲᠡᠭᠡᠳ ᠲᠦ ᠣᠯᠭᠤᠭᠰᠠᠨ 1᠂095 ᠲᠥᠰᠥᠯ᠂ ᠬᠥᠲᠥᠯᠪᠦᠷᠢ ᠶᠢᠨ 17.7 ᠲᠡᠷᠪᠤᠮ ᠲᠥᠭᠥᠷᠢᠭ ᠦᠨ ᠵᠠᠷᠤᠴᠠᠭᠤᠯᠤᠯᠲᠠ ᠶᠢᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠬᠢᠯᠢ ᠶᠢᠨ ᠴᠢᠨᠠᠳᠤ ᠳᠤ ᠪᠠᠶᠢᠭ᠎ᠠ ᠮᠣᠩᠭᠣᠯ ᠤᠯᠤᠰ ᠤᠨ ᠢᠷᠭᠡᠳ ᠲᠦ ᠲᠤᠰᠠᠯᠠᠬᠤ ᠰᠠᠩ ᠠᠴᠠ 2009-2023 ᠣᠨ ᠤ ᠬᠣᠭᠣᠷᠣᠨᠳᠣ 2᠂000 ᠭᠠᠷᠤᠢ ᠢᠷᠭᠡᠨ ᠳᠦ 3.1 ᠲᠡᠷᠪᠤᠮ ᠲᠥᠭᠥᠷᠢᠭ ᠦᠨ ᠲᠤᠰᠠᠯᠠᠮᠵᠢ ᠣᠯᠭᠤᠭᠰᠠᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠨᠡᠶᠢᠭᠡᠮ ᠤᠨ ᠬᠠᠯᠠᠮᠵᠢ ᠶᠢᠨ ᠰᠠᠩ ᠤᠨ 2008-2022 ᠣᠨ ᠤ ᠬᠣᠭᠣᠷᠣᠨᠳᠣ ᠣᠷᠣᠯᠭ᠎ᠠ᠂ ᠵᠠᠷᠤᠯᠭ᠎ᠠ ᠶᠢᠨ ᠮᠡᠳᠡᠭᠡᠯᠡᠯ ᠢ᠂ 2016-2022 ᠣᠨ ᠤ ᠬᠣᠭᠣᠷᠣᠨᠳᠣ ᠬᠥᠭᠵᠢᠯ ᠦᠨ ᠪᠡᠷᠬᠡᠰᠢᠶᠡᠯ ᠲᠡᠢ ᠢᠷᠭᠡᠨ ᠳᠦ ᠦᠵᠡᠭᠦᠯᠦᠭᠰᠡᠨ ᠲᠤᠰᠠᠯᠠᠮᠵᠢ᠂ ᠬᠥᠩᠭᠡᠯᠡᠯᠲᠡ᠂ ᠠᠬᠠᠮᠠᠳ ᠨᠠᠰᠤᠲᠠᠨ ᠳᠤ ᠦᠵᠡᠭᠦᠯᠦᠭᠰᠡᠨ ᠲᠤᠰᠠᠯᠠᠮᠵᠢ ᠬᠥᠩᠭᠡᠯᠡᠯᠲᠡ᠂ ᠣᠯᠠᠨ ᠨᠡᠶᠢᠲᠡ ᠶᠢᠨ ᠣᠷᠣᠯᠴᠠᠭᠠᠨ ᠳᠤ ᠲᠦᠰᠢᠭᠯᠡᠭᠰᠡᠨ ᠬᠠᠯᠠᠮᠵᠢ ᠶᠢᠨ ᠦᠢᠯᠡᠴᠢᠯᠡᠭᠡ ᠶᠢ ᠦᠵᠡᠭᠦᠯᠳᠡᠭ 967 ᠬᠠᠤᠯᠢ ᠶᠢᠨ ᠡᠲᠡᠭᠡᠳ ᠲᠦ ᠣᠯᠭᠤᠭᠰᠠᠨ ᠰᠠᠩᠬᠦᠵᠢᠯᠲᠡ ᠶᠢᠨ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠨᠡᠶᠢᠭᠡᠮ ᠤᠨ ᠳᠠᠭᠠᠳᠬᠠᠯ ᠤᠨ ᠰᠠᠩ ᠤᠨ 2008-2022 ᠣᠨ ᠤ ᠬᠣᠭᠣᠷᠣᠨᠳᠣ ᠣᠷᠣᠯᠭ᠎ᠠ᠂ ᠵᠠᠷᠤᠯᠭ᠎ᠠ ᠶᠢᠨ ᠮᠡᠳᠡᠭᠡᠯᠡᠯ ᠢ᠂ 2010-2020 ᠣᠨ ᠤ ᠪᠠᠩᠬᠢᠨ ᠳᠤ ᠪᠠᠶᠢᠷᠢᠰᠢᠭᠤᠯᠤᠭᠰᠠᠨ ᠮᠥᠩᠭᠥᠨ ᠬᠥᠷᠥᠩᠭᠡ ᠶᠢᠨ ᠳᠦᠩ᠂ ᠬᠦᠦ ᠶᠢᠨ ᠣᠷᠣᠯᠭ᠎ᠠ ᠶᠢᠨ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠬᠡᠦᠬᠡᠳ ᠦᠨ ᠲᠥᠯᠥᠭᠡ ᠰᠠᠩ ᠤᠨ 2021-2023 ᠣᠨ ᠤ ᠬᠣᠭᠣᠷᠣᠨᠳᠣ ᠨᠡᠶᠢᠲᠡ 11 ᠲᠡᠷᠪᠤᠮ ᠲᠥᠭᠥᠷᠢᠭ ᠦᠨ ᠬᠤᠷᠠᠮᠳᠤᠯᠠᠯ ᠢ ᠡᠭᠦᠰᠬᠡᠭᠰᠡᠨ ᠪᠠ ᠡᠭᠦᠨ ᠡᠴᠡ 106.7 ᠰᠠᠶ᠎ᠠ ᠲᠥᠭᠥᠷᠢᠭ ᠢ ᠨᠡᠶᠢᠲᠡ 45 ᠬᠡᠦᠬᠡᠳ ᠲᠦ 2 ᠲᠥᠷᠥᠯ ᠢᠶᠡᠷ ᠵᠠᠷᠤᠴᠠᠭᠤᠯᠤᠭᠰᠠᠨ ᠲᠠᠯᠠᠭᠠᠷᠬᠢ ᠮᠡᠳᠡᠭᠡᠯᠡᠯ ᠢ;
ᠬᠥᠳᠡᠯᠮᠦᠷᠢ ᠡᠷᠬᠢᠯᠡᠯᠲᠡ ᠶᠢ ᠳᠡᠮᠵᠢᠬᠦ ᠰᠠᠩ ᠤᠨ 2012-2022 ᠣᠨ ᠤ ᠬᠣᠭᠣᠷᠣᠨᠳᠣ ᠳᠠᠪᠬᠤᠷᠳᠠᠭᠰᠠᠨ ᠲᠣᠭ᠎ᠠ ᠪᠠᠷ 1.8 ᠰᠠᠶ᠎ᠠ ᠢᠷᠭᠡᠨ ᠳᠦ 628.7 ᠲᠡᠷᠪᠤᠮ ᠲᠥᠭᠥᠷᠢᠭ ᠦᠨ ᠵᠠᠷᠤᠴᠠᠭᠤᠯᠤᠯᠲᠠ ᠬᠢᠭᠰᠡᠨ ᠪᠠ ᠡᠭᠦᠨ ᠦ 122.2 ᠲᠡᠷᠪᠤᠮ ᠲᠥᠭᠥᠷᠢᠭ ᠨᠢ ᠰᠠᠩᠬᠦᠦ ᠶᠢᠨ ᠳᠡᠮᠵᠢᠯᠭᠡ ᠬᠡᠯᠪᠡᠷᠢ ᠪᠡᠷ ᠣᠯᠭᠣᠭᠳᠠᠭᠰᠠᠨ᠂ ᠨᠡᠶᠢᠲᠡ 58.2 ᠲᠡᠷᠪᠤᠮ ᠲᠥᠭᠥᠷᠢᠭ ᠦᠨ ᠠᠪᠤᠯᠭ᠎ᠠ ᠲᠠᠢ ᠪᠠᠶᠢᠭ᠎ᠠ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠢᠷᠡᠭᠡᠳᠦᠢ ᠶᠢᠨ ᠥᠪ ᠰᠠᠩ ᠤᠨ 2017-2022 ᠣᠨ ᠤ ᠣᠷᠣᠯᠭ᠎ᠠ᠂ ᠵᠠᠷᠤᠯᠭ᠎ᠠ ᠶᠢᠨ ᠮᠡᠳᠡᠭᠡᠯᠡᠯ ᠢ;
ᠲᠥᠰᠥᠪ ᠦᠨ ᠲᠣᠭᠲᠠᠪᠤᠷᠢᠵᠢᠭᠤᠯᠤᠯᠲᠠ ᠶᠢᠨ ᠰᠠᠩ ᠤᠨ 2011-2022 ᠣᠨ ᠤ ᠣᠷᠣᠯᠭ᠎ᠠ᠂ ᠵᠠᠷᠤᠯᠭ᠎ᠠ ᠶᠢᠨ ᠮᠡᠳᠡᠭᠡᠯᠡᠯ ᠢ;
ᠡᠷᠡᠭᠦᠯ ᠮᠡᠨᠳᠦ ᠶᠢᠨ ᠳᠠᠭᠠᠳᠬᠠᠯ ᠤᠨ ᠰᠠᠩ ᠤᠨ 2018-2022 ᠣᠨ ᠤ ᠬᠣᠭᠣᠷᠣᠨᠳᠣ ᠣᠷᠣᠯᠭ᠎ᠠ᠂ ᠵᠠᠷᠤᠯᠭ᠎ᠠ ᠶᠢᠨ ᠮᠡᠳᠡᠭᠡᠯᠡᠯ ᠢ ᠵᠢᠭᠰᠠᠭᠠᠯᠲᠠ ᠶᠢᠨ ᠬᠠᠮᠲᠤ; /ᠲᠤᠰ ᠰᠠᠩ ᠨᠢ 2018 ᠣᠨ ᠠᠴᠠ ᠡᠮᠦᠨ᠎ᠡ ᠨᠡᠶᠢᠭᠡᠮ ᠤᠨ ᠳᠠᠭᠠᠳᠬᠠᠯ ᠤᠨ ᠰᠠᠩ ᠤᠨ ᠪᠦᠷᠢᠯᠳᠦᠬᠦᠨ ᠬᠡᠰᠡᠭ ᠪᠠᠶᠢᠭᠰᠠᠨ ᠲᠤᠯᠠ 2008-2018 ᠣᠨ ᠤ ᠣᠷᠣᠯᠭ᠎ᠠ᠂ ᠵᠠᠷᠤᠯᠭ᠎ᠠ ᠶᠢᠨ ᠮᠡᠳᠡᠭᠡᠯᠡᠯ ᠢ ᠨᠡᠶᠢᠭᠡᠮ ᠤᠨ ᠳᠠᠭᠠᠳᠬᠠᠯ ᠤᠨ ᠰᠠᠩ ᠤᠨ ᠬᠡᠰᠡᠭ ᠡᠴᠡ ᠬᠠᠷᠠᠬᠤ ᠪᠣᠯᠤᠮᠵᠢ ᠲᠠᠢ./
ᠡᠷᠡᠭᠦᠯ ᠮᠡᠨᠳᠦ ᠶᠢ ᠳᠡᠮᠵᠢᠬᠦ ᠰᠠᠩ ᠤᠨ 2008-2023 ᠣᠨ ᠤ ᠬᠣᠭᠣᠷᠣᠨᠳᠣ ᠨᠡᠶᠢᠲᠡ 658 ᠬᠠᠤᠯᠢ ᠶᠢᠨ ᠡᠲᠡᠭᠡᠳ ᠲᠦ 28.9 ᠲᠡᠷᠪᠤᠮ ᠲᠥᠭᠥᠷᠢᠭ ᠦᠨ ᠰᠠᠩᠬᠦᠵᠢᠯᠲᠡ ᠣᠯᠭᠤᠭᠰᠠᠨ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠪᠦᠬᠦ ᠨᠡᠶᠢᠲᠡ ᠶᠢᠨ ᠦᠢᠯᠡᠴᠢᠯᠡᠭᠡᠨ ᠦ ᠡᠭᠦᠷᠭᠡ ᠶᠢᠨ ᠰᠠᠩ ᠤᠨ 2009-2022 ᠣᠨ ᠤ ᠬᠣᠭᠣᠷᠣᠨᠳᠣ 484 ᠬᠠᠤᠯᠢ ᠶᠢᠨ ᠡᠲᠡᠭᠡᠳ ᠡᠴᠡ ᠨᠡᠶᠢᠲᠡ 47᠂4 ᠲᠡᠷᠪᠤᠮ ᠲᠥᠭᠥᠷᠢᠭ ᠦᠨ ᠰᠠᠩᠬᠦᠵᠢᠯᠲᠡ ᠶᠢ ᠲᠠᠲᠠᠨ ᠲᠥᠪᠯᠡᠷᠡᠭᠦᠯᠵᠦ᠂ 155 ᠲᠥᠰᠥᠯ᠂ ᠬᠥᠲᠥᠯᠪᠦᠷᠢ ᠶᠢᠨ ᠰᠠᠩᠬᠦᠵᠢᠭᠦᠯᠦᠯᠲᠡ ᠳᠦ 38.6 ᠲᠡᠷᠪᠤᠮ ᠲᠥᠭᠥᠷᠢᠭ ᠵᠠᠷᠤᠴᠠᠭᠤᠯᠤᠭᠰᠠᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠶᠢᠨ ᠬᠠᠮᠲᠤ;
ᠰᠫᠣᠷᠲ ᠤᠨ ᠳᠡᠮᠵᠢᠬᠦ ᠰᠠᠩ ᠤᠨ 2017–2019 ᠣᠨ ᠤ ᠬᠣᠭᠣᠷᠣᠨᠳᠣ ᠨᠡᠶᠢᠲᠡ 62 ᠬᠠᠤᠯᠢ ᠶᠢᠨ ᠡᠲᠡᠭᠡᠳ ᠲᠦ ᠣᠯᠭᠤᠭᠰᠠᠨ 66 ᠲᠥᠰᠥᠯ᠂ ᠠᠷᠭ᠎ᠠ ᠬᠡᠮᠵᠢᠶᠡᠨ ᠦ 4.9 ᠲᠡᠷᠪᠤᠮ ᠲᠥᠭᠥᠷᠢᠭ ᠦᠨ ᠵᠠᠷᠤᠴᠠᠭᠤᠯᠤᠯᠲᠠ ᠶᠢᠨ ᠲᠠᠯᠠᠭᠠᠷᠬᠢ ᠮᠡᠳᠡᠭᠡᠯᠡᠯ ᠢ;
ᠰᠢᠯ ᠠᠵᠢᠯᠯᠠᠭᠠᠨ ᠤ ᠬᠦᠷᠢᠶᠡᠨ ᠳᠦ 120 ᠭᠠᠷᠤᠢ ᠲᠥᠷᠥ ᠶᠢᠨ ᠪᠠᠶᠢᠭᠤᠯᠤᠯᠭ᠎ᠠ ᠶᠢᠨ 400 ᠭᠠᠷᠤᠢ ᠪᠠᠭᠴᠠ ᠮᠡᠳᠡᠭᠡᠯᠡᠯ ᠢ ᠬᠦᠯᠢᠶᠡᠨ ᠠᠪᠴᠤ᠂ ᠣᠳᠣ ᠪᠠᠷ 729᠂935 ᠮᠡᠳᠡᠭᠡᠯᠡᠯ ᠢ ᠪᠠᠶᠢᠷᠢᠰᠢᠭᠤᠯᠵᠤ᠂ ᠨᠡᠶᠢᠲᠡ 2᠂112᠂501 ᠤᠳᠠᠭ᠎ᠠ ᠶᠢᠨ ᠬᠠᠨᠳᠤᠯᠲᠠ ᠶᠢ ᠠᠪᠤᠭᠠᠳ ᠪᠠᠶᠢᠨ᠎ᠠ᠃

ᠨᠡᠶᠢᠲᠡᠯᠡᠭᠰᠡᠨ᠄