ᠢᠷᠭᠡᠳ᠂ ᠣᠯᠠᠨ ᠨᠡᠶᠢᠲᠡ ᠲᠡᠢ ᠬᠠᠷᠢᠯᠴᠠᠬᠤ 《᠑᠑-᠑᠑″ ᠲᠥᠪᠡᠳ ᠢᠷᠭᠡᠳ ᠡᠴᠡ ᠢᠷᠡᠭᠦᠯᠦᠭᠰᠡᠨ ᠰᠠᠨᠠᠯ᠂ ᠭᠣᠮᠣᠳᠠᠯ ᠤᠨ ᠑᠒-᠑᠕ ᠬᠤᠪᠢ ᠢ ᠭᠠᠵᠠᠷ ᠤᠨ ᠮᠠᠷᠭᠤᠭᠠᠨ ᠲᠠᠢ ᠬᠣᠯᠪᠣᠭᠠᠲᠠᠢ ᠠᠰᠠᠭᠤᠳᠠᠯ ᠡᠵᠡᠯᠡᠵᠦ ᠪᠠᠶᠢᠨ᠎ᠠ



ᠵᠠᠰᠠᠭ ᠤᠨ ᠭᠠᠵᠠᠷ ᠡᠽᠠ ᠬᠡᠷᠡᠭᠵᠢᠭᠦᠯᠵᠦ ᠪᠤᠢ ᠠᠪᠯᠢᠭᠠ ᠊ᠢᠢᠨ ᠡᠰᠡᠷᠡᠭ 《᠕ ᠱ》 ᠠᠵᠢᠯᠯᠠᠭᠠᠨ ᠊ᠤ 《ᠱᠦᠭᠯᠦ》 ᠠᠵᠢᠯᠯᠠᠭ᠎ᠠ ᠶᠢ ᠬᠡᠷᠡᠭᠵᠢᠭᠦᠯᠬᠦ ᠠᠵᠢᠯ ᠤᠨ ᠬᠡᠰᠡᠭ ᠤᠨ ᠭᠡᠰᠢᠭᠦᠳ ᠕ ᠬᠣᠨᠣᠭ ᠪᠦᠷᠢ ᠊ᠢᠢᠨ ᠪᠠᠰᠠᠩ ᠭᠠᠷᠠᠭ ᠲᠤ ᠵᠠᠰᠠᠭ ᠤᠨ ᠭᠠᠵᠠᠷ ᠤᠨ ᠢᠷᠭᠡᠳ᠂ ᠣᠯᠠᠨ ᠨᠡᠶᠢᠲᠡ ᠲᠡᠢ ᠬᠠᠷᠢᠯᠴᠠᠬᠤ 《᠑᠑-᠑᠑》 ᠲᠥᠪᠡᠳ ᠠᠵᠢᠯᠯᠠᠬᠤ ᠪᠠᠷ ᠪᠣᠯᠤᠭᠰᠠᠨ᠃
ᠡᠨᠡ ᠬᠦᠷᠢᠶᠡᠨ ᠳᠦ ᠥᠨᠥᠳᠥᠷ (᠒᠐᠒᠓.᠐᠖.᠐᠒) ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠳᠡᠳ᠋ ᠰᠠᠶᠢᠳ ᠵ.ᠡᠷᠬᠢᠮᠪᠠᠭᠠᠲᠤᠷ᠂ ᠰᠢᠳᠤᠷᠭᠤ ᠥᠷᠢᠰᠦᠯᠳᠡᠭᠡᠨ ᠬᠡᠷᠡᠭᠯᠡᠭᠴᠢ ᠊ᠢᠢᠨ ᠲᠥᠯᠥᠭᠡ ᠭᠠᠵᠠᠷ ᠤᠨ ᠳᠠᠷᠤᠭ᠎ᠠ ᠨ.ᠮᠠᠨᠳᠤᠭᠤᠯ᠂ ᠠᠪᠯᠢᠭᠠ ᠲᠠᠢ ᠲᠡᠮᠡᠴᠡᠬᠦ ᠭᠠᠵᠠᠷ ᠤᠨ ᠤᠷᠢᠳᠴᠢᠯᠠᠨ ᠰᠡᠷᠭᠡᠶᠢᠯᠡᠬᠦ᠂ ᠰᠣᠶᠣᠨ ᠭᠡᠭᠡᠷᠡᠭᠦᠯᠬᠦ ᠬᠡᠯᠲᠡᠰ ᠤᠨ ᠳᠠᠷᠤᠭ᠎ᠠ ᠬ.ᠶᠡᠬᠡᠮᠥᠶᠢᠷᠡᠨ ᠨᠠᠷ 《᠑᠑-᠑᠑》 ᠲᠥᠪᠡᠳ ᠠᠵᠢᠯᠯᠠᠯ᠎ᠠ᠃
《ᠱᠦᠭᠯᠦ》 ᠠᠵᠢᠯᠯᠠᠭ᠎ᠠ ᠊ᠢᠢ ᠬᠡᠷᠡᠭᠵᠢᠭᠦᠯᠬᠦ ᠠᠵᠢᠯ ᠤᠨ ᠬᠡᠰᠡᠭ ᠤᠨ ᠪᠦᠷᠢᠯᠳᠦᠬᠦᠨ ᠲᠥᠷᠥ ᠊ᠢᠢᠨ ᠦᠢᠯᠡᠴᠢᠯᠡᠭᠡ ᠶᠢ ᠠᠪᠬᠤ ᠊ᠳᠤ ᠡᠭᠦᠰᠴᠦ ᠪᠤᠢ ᠬᠦᠨᠳᠦ ᠰᠤᠷᠲᠠᠯ᠂ ᠠᠪᠯᠢᠭᠠ ᠥᠭᠬᠦ ᠡᠷᠦᠰᠳᠡᠯ ᠡᠭᠦᠰᠬᠡᠵᠦ ᠪᠤᠢ ᠨᠥᠬᠥᠴᠡᠯ ᠪᠠᠶᠢᠳᠠᠯ ᠢ ᠲᠣᠭᠲᠠᠭᠠᠵᠤ᠂ ᠠᠷᠢᠯᠭᠠᠬᠤ᠂ ᠢᠷᠭᠡᠳ ᠡᠴᠡ ᠢᠷᠡᠭᠦᠯᠦᠭᠰᠡᠨ ᠮᠡᠳᠡᠭᠡᠯᠡᠯ ᠊ᠳᠦ ᠳᠦᠩ ᠰᠢᠨᠵᠢᠯᠡᠭᠡ ᠬᠡᠢ ᠊ᠢᠢᠨ᠂ ᠢᠷᠭᠡᠳ᠂ ᠬᠤᠪᠢ ᠊ᠢᠢᠨ ᠬᠡᠪᠰᠢᠯ ᠢ ᠴᠢᠷᠦᠭᠳᠡᠭᠦᠯᠵᠦ᠂ ᠠᠪᠯᠢᠭᠠ ᠡᠭᠦᠰᠭᠡᠬᠦ ᠨᠥᠬᠥᠴᠡᠯ ᠪᠦᠷᠢᠳᠦᠭᠦᠯᠵᠦ ᠪᠤᠢ ᠦᠢᠯᠡ ᠠᠵᠢᠯᠯᠠᠭ᠎ᠠ᠂ ᠴᠢᠭ ᠡᠭᠦᠷᠭᠡ ᠊ᠢᠢᠨ ᠲᠠᠯ᠎ᠠ ᠪᠠᠷ ᠳ᠋ᠦᠩᠨᠡᠯᠲᠡ ᠭᠠᠷᠭᠠᠬᠤ ᠵᠣᠷᠢᠯᠭ᠎ᠠ ᠲᠠᠢ ᠠᠵᠢᠯᠯᠠᠵᠤ ᠪᠠᠶᠢᠨ᠎ᠠ᠃
ᠥᠨᠥᠳᠥᠷ ᠐᠘᠄᠓᠐-᠑᠒᠄᠓᠐ ᠴᠠᠭ ᠤᠨ ᠪᠠᠶᠢᠳᠠᠯ ᠊ᠢᠢᠠᠷ ᠤᠲᠠᠰᠤ ᠪᠠᠷ ᠨᠡᠶᠢᠲᠡ ᠑᠓ ᠰᠠᠨᠠᠯ ᠭᠣᠮᠣᠳᠠᠯ᠂ ᠪᠡᠶᠡᠴᠢᠯᠡᠵᠦ ᠑᠓ ᠢᠷᠭᠡᠨ ᠲᠡᠢ ᠠᠭᠤᠯᠵᠠᠵᠤ᠂ ᠰᠠᠨᠠᠯ᠂ ᠬᠦᠰᠡᠯᠲᠡ᠂ ᠭᠣᠮᠣᠳᠠᠯ ᠢ ᠬᠦᠯᠢᠶᠡᠨ ᠠᠪᠴᠤ ᠠᠵᠢᠯᠯᠠᠯ᠎ᠠ᠃

ᠨᠡᠶᠢᠲᠡᠯᠡᠭᠰᠡᠨ᠄