《ᠰᠢᠯ ᠠᠵᠢᠯᠯᠠᠭ᠎ᠠ》


4 ᠲᠤᠰᠬᠠᠢ ᠰᠠᠩ᠂ ᠳᠡᠭᠦᠷᠭᠡ ᠨᠦᠭᠦᠳ ᠦᠨ ᠭᠠᠵᠠᠷ ᠣᠯᠭᠣᠯᠲᠠ ᠶᠢᠨ ᠮᠡᠳᠡᠭᠡᠯᠡᠯ ᠢᠯᠡ ᠪᠣᠯᠤᠯ᠎ᠠ᠃
《ᠰᠢᠯ》 ᠠᠵᠢᠯᠯᠠᠭᠠᠨ ᠤ ᠬᠦᠷᠢᠶᠡᠨ ᠳᠦ shilen.gov.mn ᠰᠢᠰᠲ᠋ᠧᠮ ᠳᠦ ᠥᠨᠥᠳᠥᠷ ᠦᠨ ᠪᠠᠶᠢᠳᠠᠯ ᠢᠶᠠᠷ ᠨᠡᠮᠡᠵᠦ 4 ᠲᠤᠰᠬᠠᠢ ᠰᠠᠩ ᠤᠨ ᠮᠡᠳᠡᠭᠡᠯᠡᠯ ᠢ ᠢᠯᠡ ᠲᠣᠳᠣ ᠪᠠᠶᠢᠷᠢᠰᠢᠭᠤᠯᠪᠠ. ᠡᠭᠦᠨ ᠳᠦ᠄
• ᠪᠦᠬᠦ ᠨᠡᠶᠢᠲᠡ ᠶᠢᠨ ᠦᠢᠯᠡᠴᠢᠯᠡᠭᠡᠨ ᠦ ᠡᠭᠦᠷᠭᠡ ᠶᠢᠨ ᠰᠠᠨ
• ᠡᠷᠡᠭᠦᠯ ᠮᠡᠨᠳᠦ ᠶᠢᠨ ᠳᠠᠭᠠᠳᠬᠠᠯ ᠤᠨ ᠰᠠᠨ
• ᠢᠷᠡᠭᠡᠳᠦᠢ ᠶᠢᠨ ᠥᠪ ᠰᠠᠩ
• ᠲᠥᠰᠥᠪ ᠦᠨ ᠲᠣᠭᠲᠠᠪᠤᠷᠢᠵᠢᠭᠤᠯᠤᠯᠲᠠ ᠶᠢᠨ ᠰᠠᠨ
ᠪᠦᠬᠦ ᠨᠡᠶᠢᠲᠡ ᠶᠢᠨ ᠦᠢᠯᠡᠴᠢᠯᠡᠭᠡᠨ ᠦ ᠡᠭᠦᠷᠭᠡ ᠶᠢᠨ ᠰᠠᠨ ᠤᠯᠤᠰ ᠤᠨ ᠲᠥᠰᠥᠪ ᠡᠴᠡ ᠰᠠᠩᠬᠦᠵᠢᠯᠲᠡ ᠠᠪᠳᠠᠭ ᠦᠭᠡᠢ᠃
ᠲᠤᠰ ᠰᠠᠩ ᠨᠢ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶᠠᠨ ᠠᠴᠠ ᠲᠤᠰᠬᠠᠢ ᠵᠥᠪᠰᠢᠶᠡᠷᠡᠯ ᠠᠪᠤᠭᠰᠠᠨ ᠬᠠᠤᠯᠢ ᠶᠢᠨ ᠡᠲᠡᠭᠡᠳ ᠡᠴᠡ ᠲᠠᠲᠠᠪᠤᠷᠢ ᠶᠢᠨ ᠳᠠᠷᠠᠭᠠᠬᠢ ᠴᠡᠪᠡᠷ ᠠᠰᠢᠭ ᠤᠨ 3 ᠬᠤᠪᠢ ᠲᠠᠢ ᠲᠡᠩᠴᠡᠬᠦ ᠮᠥᠩᠭᠥᠨ ᠬᠥᠷᠥᠩᠭᠡ ᠪᠡᠷ ᠰᠠᠩᠬᠦᠵᠢᠳᠡᠭ ᠪᠥᠭᠡᠳ ᠤᠯᠤᠰ ᠤᠨ ᠲᠥᠰᠥᠪ ᠡᠴᠡ ᠰᠠᠩᠬᠦᠵᠢᠯᠲᠡ ᠠᠪᠳᠠᠭ ᠦᠭᠡᠢ᠃
2009-2022 ᠣᠨ ᠳᠤ 484 ᠬᠠᠤᠯᠢ ᠶᠢᠨ ᠡᠲᠡᠭᠡᠳ ᠡᠴᠡ ᠨᠡᠶᠢᠲᠡ 47᠂4 ᠲᠡᠷᠪᠤᠮ ᠲᠥᠭᠥᠷᠢᠭ᠂ ᠡᠭᠦᠨ ᠡᠴᠡ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ 225 ᠬᠠᠤᠯᠢ ᠶᠢᠨ ᠡᠲᠡᠭᠡᠳ ᠡᠴᠡ 41᠂5 ᠲᠡᠷᠪᠤᠮ ᠲᠥᠭᠥᠷᠢᠭ᠂ ᠷᠠᠳᠢᠣ᠋ ᠳᠠᠪᠲᠠᠮᠵᠢ ᠶᠢᠨ ᠵᠤᠷᠪᠤᠰ ᠡᠵᠡᠮᠰᠢᠭᠴᠢ 23 ᠬᠠᠤᠯᠢ ᠶᠢᠨ ᠡᠲᠡᠭᠡᠳ ᠡᠴᠡ 5᠂3 ᠲᠡᠷᠪᠤᠮ ᠲᠥᠭᠥᠷᠢᠭ᠂ ᠱᠤᠤᠳᠠᠩ ᠤᠨ ᠦᠢᠯᠡᠴᠢᠯᠡᠭᠡ ᠦᠵᠡᠭᠦᠯᠦᠭᠴᠢ 76 ᠬᠠᠤᠯᠢ ᠶᠢᠨ ᠡᠲᠡᠭᠡᠳ ᠡᠴᠡ 447᠂2 ᠰᠠᠶ᠎ᠠ ᠲᠥᠭᠥᠷᠢᠭ᠂ ᠥᠷᠭᠡᠨ ᠨᠡᠪᠲᠡᠷᠡᠭᠦᠯᠭᠡ ᠶᠢᠨ ᠦᠢᠯᠡᠴᠢᠯᠡᠭᠡ ᠡᠷᠬᠢᠯᠡᠭᠴᠢ 86 ᠬᠠᠤᠯᠢ ᠶᠢᠨ ᠡᠲᠡᠭᠡᠳ ᠡᠴᠡ 92᠂8 ᠰᠠᠶ᠎ᠠ ᠲᠥᠭᠥᠷᠢᠭ᠂ ᠪᠤᠰᠤᠳ ᠲᠥᠷᠥᠯ ᠦᠨ 74 ᠦᠢᠯᠡᠴᠢᠯᠡᠭᠡ ᠡᠷᠡᠬᠯᠡᠭᠴᠢᠳ ᠡᠴᠡ 77᠂2 ᠰᠠᠶ᠎ᠠ ᠲᠥᠭᠥᠷᠢᠭ ᠢ ᠲᠤᠰ ᠲᠤᠰ ᠪᠦᠷᠢᠳᠦᠭᠦᠯᠵᠡᠢ᠃
2009-2022 ᠣᠨ ᠳᠤ ᠰᠠᠩ ᠠᠴᠠ ᠨᠡᠶᠢᠲᠡ 155 ᠲᠥᠰᠥᠯ᠂ ᠬᠥᠲᠥᠯᠪᠦᠷᠢ ᠶᠢᠨ ᠰᠠᠩᠬᠦᠵᠢᠯᠲᠡ ᠳᠦ 38.6 ᠲᠡᠷᠪᠤᠮ ᠲᠥᠭᠥᠷᠢᠭ ᠵᠠᠷᠤᠴᠠᠭᠤᠯᠵᠤ᠂ 2022 ᠣᠨ ᠤ ᠡᠴᠦᠰ ᠦᠨ ᠪᠠᠶᠢᠳᠠᠯ ᠢᠶᠠᠷ 6.9 ᠲᠡᠷᠪᠤᠮ ᠲᠥᠭᠥᠷᠢᠭ ᠦᠨ ᠮᠥᠩᠭᠥᠨ ᠬᠥᠷᠥᠩᠭᠡ ᠶᠢᠨ ᠦᠯᠡᠳᠡᠭᠳᠡᠯ ᠲᠡᠢ ᠪᠠᠶᠢᠨ᠎ᠠ᠃
ᠳᠡᠭᠡᠷᠡᠬᠢ 155 ᠲᠥᠰᠥᠯ᠂ ᠬᠥᠲᠥᠯᠪᠦᠷᠢ ᠶᠢ ᠠᠩᠭᠢᠯᠠᠪᠠᠯ ᠣᠷᠣᠨ ᠨᠤᠲᠤᠭ ᠲᠤ ᠬᠥᠳᠡᠯᠭᠡᠭᠡᠨ ᠳᠦ ᠬᠣᠯᠪᠣᠭᠠᠨ ᠤ ᠦᠢᠯᠡᠴᠢᠯᠡᠭᠡ ᠬᠦᠷᠭᠡᠬᠦ 49 ᠲᠥᠰᠥᠯ ᠳᠦ 18.6 ᠲᠡᠷᠪᠤᠮ᠂ ᠳᠡᠳ᠋ ᠪᠦᠲᠦᠴᠡ ᠶᠢᠨ 20 ᠲᠥᠰᠥᠯ ᠳᠦ 4.9 ᠲᠡᠷᠪᠤᠮ᠂ ᠢᠨᠲ᠋ᠧᠷᠨᠡᠲ ᠦᠨ ᠦᠢᠯᠡᠴᠢᠯᠡᠭᠡ ᠬᠦᠷᠭᠡᠬᠦ 29 ᠲᠥᠰᠥᠯ ᠳᠦ 8.3 ᠲᠡᠷᠪᠤᠮ᠂ ᠱᠤᠤᠳᠠᠩ ᠤᠨ ᠦᠢᠯᠡᠴᠢᠯᠡᠭᠡ ᠬᠦᠷᠭᠡᠬᠦ 15 ᠲᠥᠰᠥᠯ ᠳᠦ 2.8 ᠲᠡᠷᠪᠤᠮ᠂ ᠲᠧᠯᠧᠸᠢᠽ᠂ ᠷᠠᠳᠢᠣ᠋ ᠍ ᠶᠢᠨ ᠦᠢᠯᠡᠴᠢᠯᠡᠭᠡ ᠬᠦᠷᠭᠡᠬᠦ 15 ᠲᠥᠰᠥᠯ ᠳᠦ 2.3 ᠲᠡᠷᠪᠤᠮ᠂ ᠰᠤᠳᠤᠯᠭᠠᠨ ᠤ 27 ᠲᠥᠰᠥᠯ ᠳᠦ 1.6 ᠲᠡᠷᠪᠤᠮ ᠲᠥᠭᠥᠷᠢᠭ ᠢ ᠲᠤᠰ ᠲᠤᠰ ᠵᠠᠷᠤᠴᠠᠭᠤᠯᠤᠭᠰᠠᠨ ᠪᠠᠶᠢᠨ᠎ᠠ᠃
ᠪ ᠨᠦᠭᠦᠰ ᠦᠨ ᠰᠠᠩᠬᠦᠵᠢᠯᠲᠡ ᠪᠡᠷ 2009-2022 ᠣᠨ ᠨᠤᠭᠤᠳ ᠲᠤ ᠬᠡᠷᠡᠭᠵᠢᠭᠦᠯᠦᠭᠰᠡᠨ ᠳᠡᠭᠡᠷᠡᠬᠢ ᠲᠥᠰᠥᠯ᠂ ᠬᠥᠲᠥᠯᠪᠦᠷᠢ ᠶᠢᠨ ᠦᠷ᠎ᠡ ᠳᠦᠩ ᠳᠦ ᠮᠣᠩᠭᠣᠯ ᠤᠯᠤᠰ ᠤᠨ 330 ᠰᠤᠮᠤ᠂ ᠰᠠᠭᠤᠷᠢᠨ ᠭᠠᠵᠠᠷ ᠲᠤ ᠪᠣᠯᠤᠨ ᠬᠠᠷᠢᠯᠴᠠᠭ᠎ᠠ ᠬᠣᠯᠪᠣᠭᠠᠨ ᠤ ᠦᠢᠯᠡᠴᠢᠯᠡᠭᠡ ᠬᠦᠷ᠎ᠡ ᠭᠦᠢ ᠠᠯᠤᠰᠯᠠᠭᠳᠠᠭᠰᠠᠨ ᠨᠡᠶᠢᠲᠡ 1639 ᠪᠠᠭ ᠪᠠᠶᠢᠳᠠᠭ ᠠᠴᠠ 1226 ᠪᠠᠭ ᠲᠤ ᠬᠠᠷᠢᠯᠴᠠᠭ᠎ᠠ ᠬᠣᠯᠪᠣᠭᠠᠨ ᠤ 3g᠂ 4g ᠰᠦᠯᠵᠢᠶ᠎ᠡ᠂ ᠢᠨᠲ᠋ᠧᠷᠨᠡᠲ᠂ ᠰᠢᠤᠳᠠᠨ᠂ ᠥᠷᠭᠡᠨ ᠨᠡᠪᠲᠡᠷᠡᠭᠦᠯᠭᠡ ᠶᠢᠨ ᠲᠧᠯᠧᠸᠢᠰ᠂ ᠷᠠᠳᠢᠣ᠋ ᠍ ᠶᠢᠨ ᠦᠢᠯᠡᠴᠢᠯᠡᠭᠡ ᠶᠢ ᠬᠦᠷᠭᠡᠵᠡᠢ᠃
ᠡᠷᠡᠭᠦᠯ ᠮᠡᠨᠳᠦ ᠶᠢᠨ ᠳᠠᠭᠠᠳᠬᠠᠯ ᠤᠨ ᠰᠠᠩ ᠠᠴᠠ 3᠂092 ᠡᠷᠡᠭᠦᠯ ᠮᠡᠨᠳᠦ ᠶᠢᠨ ᠪᠠᠶᠢᠭᠤᠯᠤᠯᠭ᠎ᠠ ᠳᠤ 1.7 ᠶᠡᠬᠡ ᠨᠠᠶᠤᠳ ᠲᠥᠭᠥᠷᠢᠭ ᠦᠨ ᠰᠠᠩᠬᠦᠵᠢᠯᠲᠡ ᠣᠯᠭᠤᠵᠠᠢ᠃
ᠡᠷᠡᠭᠦᠯ ᠮᠡᠨᠳᠦ ᠶᠢᠨ ᠳᠠᠭᠠᠳᠬᠠᠯ ᠤᠨ ᠰᠠᠩ ᠤᠨ 2018 ᠣᠨ ᠠᠴᠠ ᠡᠮᠦᠨᠡᠬᠢ ᠮᠡᠳᠡᠭᠡᠯᠡᠯ ᠨᠢ ᠨᠡᠶᠢᠭᠡᠮ ᠤᠨ ᠳᠠᠭᠠᠳᠬᠠᠯ ᠤᠨ ᠰᠠᠩ ᠤᠨ ᠪᠦᠷᠢᠯᠳᠦᠬᠦᠨ ᠬᠡᠰᠡᠭ ᠪᠠᠶᠢᠭᠰᠠᠨ ᠲᠤᠯᠠ 2018-2022 ᠣᠨ ᠤ ᠬᠣᠭᠣᠷᠣᠨᠳᠣ ᠳᠠᠬᠢ ᠲᠤᠰ ᠰᠠᠩ ᠤᠨ ᠣᠷᠣᠯᠭ᠎ᠠ ᠶᠢᠨ ᠪᠦᠷᠢᠳᠦᠭᠦᠯᠦᠯᠲᠡ ᠪᠣᠯᠤᠨ ᠵᠠᠷᠤᠴᠠᠭᠤᠯᠤᠯᠲᠠ ᠶᠢᠨ ᠪᠠᠶᠢᠳᠠᠯ ᠢ ᠡᠷᠡᠭᠦᠯ ᠮᠡᠨᠳᠦ ᠶᠢᠨ ᠪᠠᠶᠢᠭᠤᠯᠤᠯᠭ᠎ᠠ ᠲᠤᠰ ᠪᠦᠷᠢ ᠪᠡᠷ ᠭᠠᠷᠭᠠᠨ ᠢᠯᠡ ᠲᠣᠳᠣ᠂ ᠨᠡᠭᠡᠭᠡᠯᠲᠡ ᠲᠡᠢ ᠪᠠᠶᠢᠷᠢᠰᠢᠭᠤᠯᠤᠯ᠎ᠠ. ᠲᠤᠰ ᠰᠠᠩ ᠨᠢ 2022 ᠣᠨ ᠤ ᠵᠢᠯ ᠦᠨ ᠡᠴᠦᠰ ᠦᠨ ᠪᠠᠶᠢᠳᠠᠯ ᠢᠶᠠᠷ 3᠂092 ᠡᠷᠡᠭᠦᠯ ᠮᠡᠨᠳᠦ ᠶᠢᠨ ᠪᠠᠶᠢᠭᠤᠯᠤᠯᠭ᠎ᠠ ᠳᠤ 1.7 ᠶᠡᠬᠡ ᠨᠠᠶᠤᠳ ᠲᠥᠭᠥᠷᠢᠭ ᠦᠨ ᠰᠠᠩᠬᠦᠵᠢᠯᠲᠡ ᠣᠯᠭᠤᠭᠰᠠᠨ ᠪᠠᠶᠢᠨ᠎ᠠ. ᠰᠠᠩᠬᠦᠵᠢᠯᠲᠡ ᠠᠪᠤᠭᠰᠠᠨ ᠡᠷᠡᠭᠦᠯ ᠮᠡᠨᠳᠦ ᠶᠢᠨ ᠳᠠᠭᠠᠳᠬᠠᠯ ᠤᠨ ᠶᠡᠷᠦᠩᠬᠡᠢ ᠭᠠᠵᠠᠷ ᠲᠠᠢ ᠭᠡᠷ᠎ᠡ ᠪᠠᠶᠢᠭᠤᠯᠤᠭᠰᠠᠨ 3092 ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠶᠠᠮᠠᠷ ᠣᠨ ᠳᠤ ᠬᠡᠳᠦᠨ ᠲᠥᠭᠥᠷᠢᠭ ᠦᠨ ᠰᠠᠩᠬᠦᠵᠢᠯᠲᠡ ᠠᠪᠤᠭᠰᠠᠨ ᠲᠠᠯᠠᠭᠠᠷᠬᠢ ᠮᠡᠳᠡᠭᠡᠯᠡᠯ ᠢ ᠵᠢᠭᠰᠠᠭᠠᠯᠲᠠ ᠪᠠᠷ ᠪᠠᠶᠢᠷᠢᠰᠢᠭᠤᠯᠤᠯ᠎ᠠ᠃
ᠡᠨᠡᠬᠦ ᠰᠠᠩᠬᠦᠵᠢᠯᠲᠡ ᠠᠪᠤᠭᠰᠠᠨ ᠪᠠᠶᠢᠭᠤᠯᠤᠯᠭ᠎ᠠ ᠨᠤᠭᠤᠳ ᠤᠨ 61.53% ᠨᠢ ᠤᠯᠤᠰ ᠤᠨ ᠡᠮᠨᠡᠯᠭᠡ᠂ 11.98% ᠬᠤᠪ ᠤᠨ ᠡᠮᠨᠡᠯᠭᠡ᠂ 10.71% ᠰᠤᠮᠤ ᠶᠢᠨ ᠡᠷᠡᠭᠦᠯ ᠮᠡᠨᠳᠦ ᠶᠢᠨ ᠲᠥᠪ᠂ 6.76% ᠨᠢ ᠡᠷᠦᠬᠡ ᠶᠢᠨ ᠡᠷᠡᠭᠦᠯ ᠮᠡᠨᠳᠦ ᠶᠢᠨ ᠲᠥᠪ᠂ 6.69% ᠡᠮ ᠦᠨ ᠰᠠᠩ᠂ 2.18% ᠨᠢ ᠷᠠᠰᠢᠶᠠᠨ ᠰᠤᠪᠢᠯᠠᠯ᠂ 0.16% ᠯᠠᠪᠤᠷᠠᠲ᠋ᠣᠷᠢ ᠳᠤ ᠲᠤᠰ ᠲᠤᠰ ᠠᠪᠴᠠᠢ᠃
ᠲᠡᠭᠦᠨᠴᠢᠯᠡᠨ ᠡᠷᠡᠭᠦᠯ ᠮᠡᠨᠳᠦ ᠶᠢᠨ ᠲᠤᠰᠠᠯᠠᠮᠵᠢ ᠦᠢᠯᠡᠴᠢᠯᠡᠭᠡᠨ ᠦ 10 ᠲᠥᠷᠥᠯ ᠢᠶᠡᠷ ᠵᠠᠷᠤᠴᠠᠭᠤᠯᠤᠯᠲᠠ ᠶᠢ ᠬᠠᠷᠠᠭᠤᠯᠬᠤ ᠳᠤ ᠬᠡᠪᠲᠡᠭᠦᠯᠦᠨ ᠡᠮᠴᠢᠯᠡᠬᠦ ᠦᠢᠯᠡᠴᠢᠯᠡᠭᠡᠨ ᠳᠦ ᠳᠠᠪᠲᠠᠭᠳᠠᠭᠰᠠᠨ ᠲᠣᠭ᠎ᠠ ᠪᠠᠷ 1.2 ᠰᠠᠶ᠎ᠠ ᠬᠦᠨᠳᠦ 1.8 ᠶᠡᠬᠡ ᠨᠠᠶᠤᠳ ᠲᠥᠭᠥᠷᠢᠭ᠂ ᠠᠮᠪᠤᠶᠢᠯᠠᠲ᠋ᠣᠷ ᠤᠨ ᠦᠢᠯᠡᠴᠢᠯᠡᠭᠡᠨ ᠳᠦ ᠳᠠᠪᠲᠠᠭᠳᠠᠭᠰᠠᠨ ᠲᠣᠭ᠎ᠠ ᠪᠠᠷ 3.5 ᠰᠠᠶ᠎ᠠ ᠬᠦᠨᠳᠦ 741 ᠲᠡᠷᠪᠤᠮ ᠲᠥᠭᠥᠷᠢᠭ᠂ ᠡᠮ ᠦᠨ ᠦᠨ᠎ᠡ ᠶᠢᠨ ᠬᠥᠩᠭᠡᠯᠡᠯᠲᠡᠳ ᠳᠠᠪᠲᠠᠭᠳᠠᠭᠰᠠᠨ ᠲᠣᠭ᠎ᠠ ᠪᠠᠷ 1.4 ᠰᠠᠶ᠎ᠠ ᠬᠦᠨᠳᠦ 273 ᠲᠡᠷᠪᠤᠮ ᠲᠥᠭᠥᠷᠢᠭ ᠲᠤᠰ ᠲᠤᠰ ᠵᠠᠷᠤᠴᠠᠭᠤᠯᠤᠭᠰᠠᠨ ᠪᠠᠶᠢᠨ᠎ᠠ᠃
ᠮᠥᠨ ᠲᠤᠰ ᠰᠠᠩ ᠤᠨ ᠮᠥᠩᠭᠥᠨ ᠬᠥᠷᠥᠩᠭᠡ ᠥᠩᠭᠡᠷᠡᠭᠰᠡᠨ 2018-2022 ᠣᠨ ᠤ ᠬᠣᠭᠣᠷᠣᠨᠳᠣ 11 ᠪᠠᠩᠺᠠᠨ ᠳᠤ ᠪᠠᠶᠢᠷᠢᠰᠢᠭᠤᠯᠤᠭᠰᠠᠨ ᠦᠨ᠎ᠡ ᠶᠢᠨ ᠳᠦᠩᠭᠡ ᠠᠪᠴᠤ ᠦᠵᠡᠪᠡᠯ 23.19% ᠨᠢ ᠲᠥᠷᠥ ᠶᠢᠨ ᠰᠠᠩ ᠳᠤ᠂ 14.89% ᠨᠢ ᠲᠥᠷᠥ ᠶᠢᠨ ᠪᠠᠩᠺᠠᠨ ᠳᠤ᠂ 14.51% ᠨᠢ ᠬᠠᠭᠠᠨ ᠪᠠᠩᠺᠠᠨ ᠳᠤ᠂ 11.9% ᠨᠢ ᠬᠤᠳᠠᠯᠳᠤᠭ᠎ᠠ ᠬᠥᠭᠵᠢᠯ ᠦᠨ ᠪᠠᠩᠺᠠᠨ ᠳᠤ ᠵᠡᠷᠭᠡ ᠪᠤᠰᠤᠳ ᠪᠠᠩᠺᠠᠨ ᠳᠤ ᠬᠤᠪᠢᠶᠠᠨ ᠪᠠᠶᠢᠷᠢᠰᠢᠵᠤ ᠪᠠᠶᠢᠨ᠎ᠠ᠃
ᠢᠷᠡᠭᠡᠳᠦᠢ ᠶᠢᠨ ᠥᠪ ᠰᠠᠩ ᠨᠢ ᠪᠠᠶᠢᠭᠠᠯ ᠤᠨ ᠪᠠᠶᠠᠯᠢᠭ ᠠᠴᠠ ᠲᠥᠪᠯᠡᠷᠡᠭᠰᠡᠨ ᠣᠷᠣᠯᠭ᠎ᠠ ᠶᠢ ᠥᠨᠥ ᠪᠠ ᠬᠣᠶᠢᠴᠢ ᠦᠶ᠎ᠡ ᠶᠢᠨ ᠬᠢᠨ ᠳᠦ ᠲᠡᠩᠴᠡᠪᠦᠷᠢᠲᠡᠢ ᠬᠤᠪᠢᠶᠠᠷᠢᠯᠠᠬᠤ ᠵᠣᠷᠢᠯᠭ᠎ᠠ ᠲᠠᠢ
ᠢᠷᠡᠭᠡᠳᠦᠢ ᠶᠢᠨ ᠥᠪ ᠰᠠᠩ ᠤᠨ ᠲᠤᠬᠠᠢ ᠬᠠᠤᠯᠢ 2016 ᠣᠨ ᠳᠤ ᠪᠠᠲᠤᠯᠠᠭᠳᠠᠭᠰᠠᠨ ᠪᠠ 2017 ᠣᠨ ᠠᠴᠠ ᠡᠬᠢᠯᠡᠨ ᠲᠤᠰ ᠰᠠᠩ ᠳᠤ ᠬᠠᠤᠯᠢ ᠳᠤ ᠵᠢᠭᠠᠭᠰᠠᠨ ᠨᠡᠷ᠎ᠡ ᠲᠥᠷᠥᠯ ᠦᠨ ᠣᠷᠣᠯᠭ᠎ᠠ ᠲᠥᠪᠯᠡᠷᠡᠵᠦ ᠡᠬᠢᠯᠡᠭᠰᠡᠨ. ᠡᠨᠡᠬᠦ ᠰᠠᠩ ᠤᠨ ᠵᠣᠷᠢᠯᠭ᠎ᠠ ᠨᠢ ᠢᠷᠡᠭᠡᠳᠦᠢ ᠶᠢᠨ ᠥᠪ ᠰᠠᠩ ᠤᠨ ᠲᠤᠬᠠᠢ ᠬᠠᠤᠯᠢ ᠳᠤ ᠵᠢᠭᠠᠭᠰᠠᠨ ᠢᠶᠠᠷ ᠨᠥᠬᠥᠨ ᠰᠡᠷᠭᠡᠭᠳᠡᠬᠦ ᠦᠭᠡᠢ ᠡᠷᠦᠳᠡᠰᠦ ᠪᠠᠶᠠᠯᠢᠭ ᠠᠴᠠ ᠲᠥᠰᠥᠪ ᠲᠦ ᠲᠥᠪᠯᠡᠷᠡᠭᠦᠯᠦᠭᠰᠡᠨ ᠣᠷᠣᠯᠭ᠎ᠠ ᠶᠢ ᠥᠨᠥ ᠪᠠ ᠬᠣᠶᠢᠴᠢ ᠦᠶ᠎ᠡ ᠶᠢᠨ ᠬᠢᠨ ᠳᠦ ᠲᠡᠩᠴᠡᠪᠦᠷᠢᠲᠡᠢ ᠬᠤᠪᠢᠶᠠᠷᠢᠯᠠᠬᠤ ᠵᠠᠷᠴᠢᠮ ᠢ ᠬᠡᠷᠡᠭᠵᠢᠭᠦᠯᠬᠦ᠂ ᠮᠠᠺᠷᠣ ᠡᠳ᠋ ᠍ ᠦᠨ ᠵᠠᠰᠠᠭ ᠤᠨ ᠲᠣᠭᠲᠠᠪᠤᠷᠢᠲᠠᠢ᠂ ᠦᠷ᠎ᠡ ᠠᠰᠢᠭ ᠲᠠᠢ ᠤᠳᠤᠷᠢᠳᠤᠯᠭ᠎ᠠ ᠶᠢᠨ ᠲᠣᠭᠲᠠᠯᠴᠠᠭ᠎ᠠ ᠶᠢ ᠪᠦᠷᠢᠳᠦᠭᠦᠯᠬᠦ ᠳᠦ ᠣᠷᠣᠰᠢᠨ᠎ᠠ᠃
ᠰᠠᠩ ᠨᠢ ᠳᠠᠷᠠᠭᠠᠬᠢ ᠡᠬᠢ ᠡᠭᠦᠰᠪᠦᠷᠢ ᠡᠴᠡ ᠪᠦᠷᠢᠳᠳᠡᠭ᠃
2022 ᠣᠨ ᠤ ᠵᠢᠯ ᠦᠨ ᠡᠴᠦᠰ ᠦᠨ ᠪᠠᠶᠢᠳᠠᠯ ᠢᠶᠠᠷ ᠢᠷᠡᠭᠡᠳᠦᠢ ᠶᠢᠨ ᠥᠪ ᠰᠠᠩ ᠤᠨ ᠬᠤᠷᠠᠮᠳᠤᠯᠠᠯ 2᠂6 ᠶᠡᠬᠡ ᠨᠠᠶᠤᠳ ᠲᠥᠭᠥᠷᠢᠭ ᠦᠨ ᠦᠯᠡᠳᠡᠭᠳᠡᠯ ᠲᠡᠢ ᠪᠠᠶᠢᠨ᠎ᠠ᠃ 2022 ᠣᠨ ᠳᠤ ᠲᠤᠰ ᠰᠠᠩ ᠨᠢ 1᠂4 ᠶᠡᠬᠡ ᠨᠠᠶᠤᠳ ᠲᠥᠭᠥᠷᠢᠭ ᠢ ᠬᠡᠦᠬᠡᠳ ᠦᠨ ᠮᠥᠩᠭᠥᠨ ᠬᠤᠷᠠᠮᠳᠤᠯᠠᠯ ᠳᠤ ᠵᠠᠷᠤᠴᠠᠭᠤᠯᠤᠭᠰᠠᠨ ᠪᠠᠶᠢᠨ᠎ᠠ᠃
ᠲᠥᠰᠥᠪ ᠦᠨ ᠲᠣᠭᠲᠠᠪᠤᠷᠢᠵᠢᠭᠤᠯᠤᠯᠲᠠ ᠶᠢᠨ ᠰᠠᠨ
ᠲᠤᠰ ᠰᠠᠩ ᠨᠢ ᠨᠢᠭᠡᠳᠦᠭᠰᠡᠨ ᠲᠥᠰᠥᠪ ᠦᠨ ᠳᠤᠮᠳᠠ ᠪᠣᠯᠤᠨ ᠤᠷᠲᠤ ᠬᠤᠭᠤᠴᠠᠭᠠᠨ ᠤ ᠲᠡᠩᠴᠡᠪᠦᠷᠢᠲᠡᠢ᠂ ᠲᠣᠭᠲᠠᠪᠤᠷᠢᠲᠠᠢ ᠪᠠᠶᠢᠳᠠᠯ ᠢ ᠬᠠᠩᠭᠠᠬᠤ᠂ ᠲᠥᠰᠥᠪ ᠦᠨ ᠲᠡᠩᠴᠡᠪᠦᠷᠢᠵᠢᠭᠦᠯᠦᠭᠰᠡᠨ ᠭᠣᠷᠢᠮ ᠢ ᠬᠡᠷᠡᠭᠵᠢᠭᠦᠯᠬᠦ ᠳᠦ ᠰᠠᠩᠬᠦᠦ ᠶᠢᠨ ᠬᠡᠷᠡᠭᠰᠡᠯ ᠦᠨ ᠡᠭᠦᠷᠭᠡ ᠭᠦᠢᠴᠡᠳᠭᠡᠳᠡᠭ᠃
2022 ᠣᠨ ᠤ ᠵᠢᠯ ᠦᠨ ᠡᠴᠦᠰ ᠦᠨ ᠪᠠᠶᠢᠳᠠᠯ ᠢᠶᠠᠷ ᠲᠣᠭᠲᠠᠪᠤᠷᠢᠵᠢᠭᠤᠯᠤᠯᠲᠠ ᠶᠢᠨ ᠰᠠᠩ ᠤᠨ ᠬᠤᠷᠠᠮᠳᠤᠯᠠᠯ 663.2 ᠲᠡᠷᠪᠤᠮ ᠲᠥᠭᠥᠷᠢᠭ ᠦᠨ ᠦᠯᠡᠳᠡᠭᠳᠡᠯ ᠲᠡᠢ ᠪᠠᠶᠢᠨ᠎ᠠ. ᠲᠣᠭᠲᠠᠪᠤᠷᠢᠵᠢᠭᠤᠯᠤᠯᠲᠠ ᠶᠢᠨ ᠰᠠᠩ ᠠᠴᠠ ᠲᠤᠬᠠᠢ ᠶᠢᠨ ᠵᠢᠯ ᠦᠨ ᠲᠥᠰᠥᠪ ᠦᠨ ᠲᠤᠬᠠᠢ ᠬᠠᠤᠯᠢ ᠳᠤ ᠲᠤᠰᠬᠠᠭᠳᠠᠭᠰᠠᠨ ᠤ ᠳᠠᠭᠠᠤ ᠲᠥᠰᠥᠪ ᠦᠨ ᠠᠯᠳᠠᠭᠳᠠᠯ ᠢ ᠨᠥᠬᠥᠬᠥ ᠵᠣᠷᠢᠭᠤᠯᠤᠯᠲᠠ ᠪᠠᠷ 2014᠂ 2017᠂ 2019᠂ 2020᠂ 2021᠂ 2022 ᠣᠨ ᠨᠤᠭᠤᠳ ᠲᠤ ᠤᠯᠤᠰ ᠤᠨ ᠲᠥᠰᠥᠪ ᠲᠦ ᠰᠢᠯᠵᠢᠭᠦᠯᠭᠡ ᠬᠢᠭᠳᠡᠭᠰᠡᠨ ᠪᠠᠶᠢᠨ᠎ᠠ᠃
ᠬᠥᠳᠡᠭᠡ ᠠᠵᠤ ᠠᠬᠤᠢ ᠶᠢ ᠳᠡᠮᠵᠢᠬᠦ ᠰᠠᠨ
2012 ᠣᠨ ᠠᠴᠠ ᠡᠮᠦᠨᠡᠬᠢ 495 ᠵᠢᠭᠡᠯᠡᠳᠦᠭᠴᠢ ᠶᠢᠨ 6.2 ᠲᠡᠷᠪᠤᠮ ᠲᠥᠭᠥᠷᠢᠭ ᠦᠨ ᠵᠡᠭᠡᠯᠢ ᠶᠢᠨ ᠮᠡᠳᠡᠭᠡᠯᠡᠯ ᠢ ᠨᠡᠮᠡᠵᠦ ᠨᠡᠭᠡᠭᠡᠯᠲᠡ ᠲᠡᠢ ᠪᠠᠶᠢᠷᠢᠰᠢᠭᠤᠯᠤᠯ᠎ᠠ᠃
ᠳᠡᠭᠦᠷᠭᠡ ᠶᠢᠨ ᠵᠠᠰᠠᠭ ᠳᠠᠷᠤᠭ᠎ᠠ ᠨᠠᠷ ᠤᠨ ᠣᠯᠭᠤᠭᠰᠠᠨ 310᠂503 ᠭᠠᠵᠠᠷ
ᠮᠥᠨ ᠨᠡᠶᠢᠰᠯᠡᠯ ᠦᠨ 9 ᠳᠡᠭᠦᠷᠭᠡ ᠶᠢᠨ ᠦᠶ᠎ᠡ ᠦᠶ᠎ᠡ ᠶᠢᠨ ᠵᠠᠰᠠᠭ ᠳᠠᠷᠤᠭ᠎ᠠ ᠨᠠᠷ ᠤᠨ ᠵᠠᠬᠢᠷᠤᠮᠵᠢ ᠪᠠᠷ ᠣᠯᠭᠤᠭᠰᠠᠨ 310᠂503 ᠭᠠᠵᠠᠷ ᠣᠯᠭᠣᠯᠲᠠ ᠶᠢᠨ ᠮᠡᠳᠡᠭᠡᠯᠡᠯ ᠢ ᠢᠯᠡ ᠲᠣᠳᠣ ᠪᠣᠯᠭᠠᠯ᠎ᠠ. ᠡᠭᠦᠨ ᠳᠦ᠄
2000-2023 ᠣᠨ ᠤ ᠬᠣᠭᠣᠷᠣᠨᠳᠣ ᠣᠯᠭᠤᠭᠰᠠᠨ᠄
ᠴᠢᠩᠭᠢᠯ ᠲᠡᠢ ᠳᠡᠭᠦᠷᠭᠡ ᠶᠢᠨ 35᠂049
ᠪᠠᠶᠠᠨᠵᠢᠷᠦᠬᠡ ᠳᠡᠭᠦᠷᠭᠡ ᠶᠢᠨ 86᠂051
ᠰᠦᠬᠡᠪᠠᠭᠠᠲᠤᠷ ᠳᠡᠭᠦᠷᠭᠡ ᠶᠢᠨ 51᠂477
ᠪᠠᠶᠠᠩ ᠢᠶᠠᠯ ᠳᠡᠭᠦᠷᠭᠡ ᠶᠢᠨ 10᠂744
2000-2021 ᠣᠨ ᠤ ᠬᠣᠭᠣᠷᠣᠨᠳᠣ ᠣᠯᠭᠤᠭᠰᠠᠨ᠄
ᠪᠠᠭᠠᠨᠠᠭᠤᠷ ᠳᠡᠭᠦᠷᠭᠡ ᠶᠢᠨ 10᠂487
2000-2020 ᠣᠨ ᠤ ᠬᠣᠭᠣᠷᠣᠨᠳᠣ ᠣᠯᠭᠤᠭᠰᠠᠨ᠄
ᠨᠠᠯᠠᠶᠢᠬᠤ ᠳᠡᠭᠦᠷᠭᠡ ᠶᠢᠨ 32᠂870
2000-2010 ᠣᠨ ᠤ ᠬᠣᠭᠣᠷᠣᠨᠳᠣ ᠣᠯᠭᠤᠭᠰᠠᠨ᠄
ᠪᠠᠭᠠᠬᠠᠩᠭᠠᠢ ᠳᠡᠭᠦᠷᠭᠡ ᠶᠢᠨ 265
ᠬᠠᠨ ᠠᠭᠤᠯᠠ ᠳᠡᠭᠦᠷᠭᠡ ᠶᠢᠨ 9᠂539
2013–2023 ᠣᠨ ᠤ ᠬᠣᠭᠣᠷᠣᠨᠳᠣ ᠣᠯᠭᠤᠭᠰᠠᠨ᠄
ᠰᠣᠩᠭᠢᠨ᠎ᠠ ᠬᠠᠶᠢᠷᠬᠠᠨ ᠳᠡᠭᠦᠷᠭᠡ ᠶᠢᠨ 74᠂021 ᠭᠠᠵᠠᠷ ᠤᠨ ᠮᠡᠳᠡᠭᠡᠯᠡᠯ ᠢ ᠲᠤᠰ ᠲᠤᠰ shilen.gov.mn ᠰᠢᠰᠲ᠋ᠧᠮ ᠡᠴᠡ ᠢᠯᠡ ᠲᠣᠳᠣ ᠨᠡᠭᠡᠭᠡᠯᠲᠡ ᠲᠡᠢ ᠬᠠᠷᠠᠬᠤ ᠪᠣᠯᠤᠮᠵᠢ ᠲᠠᠢ ᠪᠣᠯᠤᠯ᠎ᠠ᠃

ᠨᠡᠶᠢᠲᠡᠯᠡᠭᠰᠡᠨ᠄