ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠤ ᠶᠠᠮᠤ 《ᠫᠢᠫᠯ ᠶᠢᠨ ᠨᠡᠶᠢᠳ》 ᠣᠦᠲᠪᠪ᠂ 《ᠹᠠᠷᠣ ᠹᠠᠤᠩᠳᠡᠶᠢᠰᠢᠨ》 ᠲᠪᠪ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠤᠯ᠎ᠠ


ᠰᠠᠨᠠᠮᠵᠢ ᠪᠢᠴᠢᠭ ᠲᠦ ᠴᠬᠬᠬᠬᠢ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠪ.ᠪᠠᠲᠤᠴᠡᠴᠡᠭ᠂ 《ᠫᠢᠫᠯ ᠶᠢᠨ ᠨᠡᠶᠢᠳ》 ᠣᠦᠲᠪᠪ ᠶᠢᠨ ᠰᠠᠭᠤᠷᠢᠨ ᠲᠥᠯᠥᠭᠡᠯᠡᠭᠴᠢ ᠪ.ᠮᠥᠩᠭᠥᠨᠥᠬᠡᠰᠢᠭ᠂ 《ᠹᠠᠷᠣ ᠹᠠᠤᠩᠳᠡᠶᠢᠰᠢᠨ》 ᠲᠪᠪ ᠤᠨ ᠭᠦᠢᠴᠡᠳᠭᠡᠬᠦ ᠵᠠᠬᠢᠷᠤᠯ ᠪ.ᠨᠠᠮᠤᠭᠤᠨ ᠨᠠᠷ ᠭᠠᠷ ᠤᠨ ᠦᠰᠦᠭ ᠵᠢᠷᠤᠵᠤ ᠪᠠᠲᠤᠯᠠᠭᠠᠵᠢᠭᠤᠯᠤᠯ᠎ᠠ᠃
ᠡᠨᠡᠬᠦ ᠰᠠᠨᠠᠮᠵᠢ ᠪᠢᠴᠢᠭ ᠨᠢ ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠶᠢᠨ ᠪᠠᠷᠢᠮᠲᠠ ᠪᠢᠴᠢᠭ 《ᠠᠯᠤᠰ ᠤᠨ ᠬᠠᠷᠠᠭ᠎ᠠ-2050》᠂ ᠮᠣᠩᠭᠣᠯ ᠤᠯᠤᠰ ᠤᠨ ᠵᠠᠰᠠᠭ ᠤᠨ ᠭᠠᠵᠠᠷ ᠤᠨ 2020-2024 ᠣᠨ ᠤ ᠦᠢᠯᠡ ᠠᠵᠢᠯᠯᠠᠭᠠᠨ ᠤ ᠬᠥᠲᠥᠯᠪᠦᠷᠢ᠂ ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠶᠢᠨ 2021-2030 ᠣᠨ ᠳᠤ ᠬᠡᠷᠡᠭᠵᠢᠭᠦᠯᠬᠦ ᠦᠢᠯᠡ ᠠᠵᠢᠯᠯᠠᠭᠠᠨ ᠤ ᠬᠥᠲᠥᠯᠪᠦᠷᠢ᠂ ᠮᠣᠩᠭᠣᠯ ᠤᠯᠤᠰ ᠢ 2021-2025 ᠣᠨ ᠳᠤ ᠬᠥᠭᠵᠢᠭᠦᠯᠬᠦ ᠲᠠᠪᠤᠨ ᠵᠢᠯ ᠦᠨ ᠦᠨᠳᠦᠰᠦᠨ ᠴᠢᠭᠯᠡᠯ᠂ 《ᠴᠠᠬᠢᠮ ᠦᠨᠳᠦᠰᠦᠲᠡᠨ》 ᠪᠠᠷᠢᠮᠲᠠᠯᠠᠬᠤ ᠴᠢᠭᠯᠡᠯ᠂ 《ᠪᠦᠬᠦ ᠨᠡᠶᠢᠲᠡ ᠶᠢᠨ ᠴᠠᠬᠢᠮ ᠤᠷ᠎ᠠ ᠴᠢᠳᠠᠪᠤᠷᠢ᠂ ᠴᠢᠳᠠᠮᠵᠢ ᠶᠢ ᠳᠡᠭᠡᠭᠰᠢᠯᠡᠭᠦᠯᠬᠦ ᠠᠷᠭ᠎ᠠ ᠬᠡᠮᠵᠢᠶᠡᠨ ᠦ ᠲᠥᠯᠥᠪᠯᠡᠭᠡ 2022-2026》 ᠵᠡᠷᠭᠡ ᠪᠣᠳᠣᠯᠭ᠎ᠠ ᠶᠢᠨ ᠪᠠᠷᠢᠮᠲᠠ ᠪᠢᠴᠢᠭ ᠲᠦ ᠲᠤᠰᠬᠠᠭᠳᠠᠭᠰᠠᠨ ᠪᠣᠯᠤᠨ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠪᠣᠳᠣᠯᠭ᠎ᠠ᠂ ᠴᠢᠭᠯᠡᠯ ᠦᠨ ᠳᠠᠭᠠᠤ ᠪᠦᠬᠦ ᠨᠡᠶᠢᠲᠡ ᠶᠢᠨ ᠲᠣᠭᠠᠨ ᠪᠢᠴᠢᠭ ᠦᠰᠦᠭ ᠦᠨ ᠴᠢᠳᠠᠪᠬ᠎ᠠ ᠶᠢ ᠳᠡᠭᠡᠭᠰᠢᠯᠡᠭᠦᠯᠬᠦ ᠲᠡᠢ ᠬᠣᠯᠪᠣᠭ᠎ᠠ ᠲᠠᠢ ᠠᠷᠭ᠎ᠠ ᠬᠡᠮᠵᠢᠶ᠎ᠡ ᠨᠦᠭᠦᠳ ᠢ ᠬᠡᠷᠡᠭᠵᠢᠭᠦᠯᠬᠦ ᠴᠢᠭᠯᠡᠯ ᠳᠦ ᠬᠠᠮᠲᠤᠷᠠᠨ ᠠᠵᠢᠯᠯᠠᠬᠤ ᠶᠤᠮ᠃
《ᠫᠢᠫᠯ ᠶᠢᠨ ᠨᠡᠶᠢᠳ》 ᠣᠤ ᠤᠨ ᠲᠥᠷᠦ ᠶᠢᠨ ᠪᠤᠰᠤ ᠪᠠᠶᠢᠭᠤᠯᠤᠯᠭ᠎ᠠ ᠨᠢ ᠮᠣᠩᠭᠣᠯ ᠤᠯᠤᠰ ᠠᠴᠠ ᠭᠠᠳᠠᠨ᠎ᠠ ᠳᠡᠯᠡᠬᠡᠢ ᠶᠢᠨ 24 ᠣᠷᠣᠨ ᠳᠤ ᠦᠢᠯᠡ ᠠᠵᠢᠯᠯᠠᠭ᠎ᠠ ᠶᠢ ᠪᠠᠨ ᠶᠠᠪᠤᠭᠤᠯᠳᠠᠭ ᠪᠥᠭᠡᠳ ᠬᠦᠮᠦᠨᠯᠢᠭ ᠦᠨ ᠪᠣᠯᠤᠨ ᠬᠥᠭᠵᠢᠯ ᠦᠨ ᠲᠤᠰᠠᠯᠠᠯᠴᠠᠭ᠎ᠠ ᠦᠵᠡᠭᠦᠯᠬᠦ᠂ ᠬᠦᠮᠦᠨ ᠦ ᠡᠷᠬᠡ ᠪᠠ ᠠᠷᠠᠳᠴᠢᠯᠠᠯ ᠤᠨ ᠦᠨᠡᠲᠦ ᠵᠦᠢᠯᠡᠰ ᠢ ᠰᠤᠷᠲᠠᠯᠴᠢᠯᠠᠬᠤ᠂ ᠨᠡᠶᠢᠭᠡᠮ᠂ ᠪᠣᠯᠪᠠᠰᠤᠷᠠᠯ᠂ ᠮᠡᠳᠡᠯᠭᠡ᠂ ᠮᠡᠳᠡᠭᠡᠯᠡᠯ ᠢ ᠳᠡᠭᠡᠭᠰᠢᠯᠡᠭᠦᠯᠬᠦ ᠴᠢᠭᠯᠡᠯ ᠢᠶᠡᠷ ᠠᠵᠢᠯᠯᠠᠳᠠᠭ ᠪᠣᠯ 《ᠹᠠᠷᠣ ᠹᠠᠤᠩᠳᠡᠶᠢᠰᠢᠨ》 ᠲᠪᠪ ᠨᠢ ᠮᠣᠩᠭᠣᠯ ᠤᠯᠤᠰ ᠳ᠋ᠠᠬᠢ ᠴᠠᠬᠢᠮ ᠰᠦᠯᠵᠢᠶ᠎ᠡ ᠪᠣᠯᠤᠨ ᠲᠣᠭᠠᠨ ᠪᠢᠴᠢᠭ ᠦᠰᠦᠭ ᠦᠨ ᠵᠥᠪ ᠬᠡᠷᠡᠭᠯᠡᠭᠡ ᠶᠢ ᠬᠦᠷᠲᠡᠭᠡᠮᠵᠢ ᠲᠡᠢ ᠪᠡᠷ ᠬᠦᠷᠭᠡᠬᠦ ᠳᠦ ᠴᠢᠭᠯᠡᠭᠰᠡᠨ ᠴᠠᠬᠢᠮ ᠣᠷᠴᠢᠨ ᠳ᠋ᠠᠬᠢ ᠠᠶᠤᠯ ᠦᠭᠡᠢ ᠪᠠᠶᠢᠳᠠᠯ᠂ ᠬᠡᠦᠬᠡᠳ ᠬᠠᠮᠠᠭᠠᠯᠠᠯ ᠤᠨ ᠬᠥᠲᠦᠯᠪᠦᠷᠢ᠂ ᠴᠠᠬᠢᠮ ᠰᠦᠯᠵᠢᠶᠡᠨ ᠦ ᠵᠣᠬᠢᠰᠲᠠᠢ ᠬᠡᠷᠡᠭᠯᠡᠭᠡ᠂ ᠴᠠᠬᠢᠮ ᠭᠡᠮᠲᠦ ᠬᠡᠷᠡᠭ ᠦᠨ ᠲᠠᠯ᠎ᠠ ᠪᠠᠷ ᠣᠯᠠᠨ ᠨᠡᠶᠢᠲᠡ ᠶᠢᠨ ᠮᠡᠳᠡᠯᠭᠡ ᠶᠢ ᠳᠡᠭᠡᠭᠰᠢᠯᠡᠭᠦᠯᠬᠦ ᠳᠦ ᠴᠢᠭᠯᠡᠨ ᠠᠵᠢᠯᠯᠠᠳᠠᠭ ᠪᠠᠶᠢᠭᠤᠯᠤᠯᠭ᠎ᠠ ᠶᠤᠮ᠃

ᠨᠡᠶᠢᠲᠡᠯᠡᠭᠰᠡᠨ᠄