ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ.ᠤᠴᠠᠷᠠᠯ ᠲᠥᠷᠥ ᠶᠢᠨ ᠦᠢᠯᠡᠴᠢᠯᠡᠭᠡ ᠶᠢ ᠴᠠᠬᠢᠮ ᠬᠡᠯᠪᠡᠷᠢ ᠪᠡᠷ ᠦᠵᠡᠭᠦᠯᠬᠦ ᠲᠡᠢ ᠬᠣᠯᠪᠣᠭᠠᠲᠠᠢ ᠪᠠᠷ ᠬᠠᠤᠯᠢ ᠬᠣᠭᠣᠷᠣᠨᠳᠣ ᠶᠢᠨ ᠳᠠᠪᠬᠤᠷᠳᠠᠯ᠂ ᠬᠡᠶᠢᠳᠡᠯ᠂ ᠵᠥᠷᠢᠴᠡᠯ ᠢ ᠠᠷᠢᠯᠭᠠᠬᠤ ᠬᠠᠤᠯᠢ ᠶᠢᠨ ᠲᠥᠰᠥᠯ ᠦᠳ ᠢ ᠥᠷᠭᠡᠨ ᠮᠡᠳᠡᠭᠦᠯᠦᠯ᠎ᠡ


ᠤᠯᠤᠰ ᠤᠨ ᠶᠡᠬᠡ ᠬᠤᠷᠠᠯ ᠤᠨ ᠭᠡᠰᠢᠭᠦᠨ᠂ ᠵᠠᠰᠠᠭ ᠤᠨ ᠭᠠᠵᠠᠷ ᠤᠨ ᠭᠡᠰᠢᠭᠦᠨ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ.ᠤᠴᠠᠷᠠᠯ ᠲᠥᠷᠥ ᠶᠢᠨ ᠦᠢᠯᠡᠴᠢᠯᠡᠭᠡ ᠶᠢ ᠴᠠᠬᠢᠮ ᠬᠡᠯᠪᠡᠷᠢ ᠪᠡᠷ ᠦᠵᠡᠭᠦᠯᠬᠦ ᠲᠡᠢ ᠬᠣᠯᠪᠣᠭᠠᠲᠠᠢ ᠪᠠᠷ ᠬᠠᠤᠯᠢ ᠬᠣᠭᠣᠷᠣᠨᠳᠣ ᠶᠢᠨ ᠳᠠᠪᠬᠤᠷᠳᠠᠯ᠂ ᠬᠡᠶᠢᠳᠡᠯ᠂ ᠵᠥᠷᠢᠴᠡᠯ ᠢ ᠠᠷᠢᠯᠭᠠᠬᠤ ᠵᠣᠷᠢᠯᠭ᠎ᠠ ᠪᠠᠷ ᠡᠷᠡᠭᠦᠯ ᠮᠡᠨᠳᠦ ᠶᠢᠨ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ᠂ ᠡᠷᠡᠭᠦᠯ ᠮᠡᠨᠳᠦ ᠶᠢᠨ ᠳᠠᠭᠠᠳᠬᠠᠯ ᠤᠨ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ ᠪᠣᠯᠤᠨ ᠪᠤᠰᠤᠳ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠥᠨᠥᠳᠥᠷ (2023.05.29) ᠤᠯᠤᠰ ᠤᠨ ᠶᠡᠬᠡ ᠬᠤᠷᠠᠯ ᠤᠨ ᠳᠠᠷᠤᠭ᠎ᠠ ᠭ.ᠽᠠᠨᠳᠠᠨᠰᠢᠲᠠᠷ᠎ᠠ ᠳᠤ ᠥᠷᠭᠡᠨ ᠮᠡᠳᠡᠭᠦᠯᠦᠯ᠎ᠡ᠃
ᠮᠣᠩᠭᠣᠯ ᠤᠯᠤᠰ ᠤᠨ ᠶᠡᠬᠡ ᠬᠤᠷᠠᠯ ᠠᠴᠠ ᠪᠠᠲᠤᠯᠠᠭᠰᠠᠨ ᠴᠠᠬᠢᠮ ᠬᠥᠭᠵᠢᠯ ᠢ ᠳᠡᠮᠵᠢᠭᠰᠡᠨ ᠪᠠᠭᠴᠠ ᠬᠠᠤᠯᠢ ᠶᠢᠨ ᠬᠦᠷᠢᠶᠡᠨ ᠳᠦ ᠪᠣᠯᠤᠨ ᠠᠷᠬᠢᠸ᠂ ᠠᠯᠪᠠᠨ ᠬᠡᠷᠡᠭ ᠬᠥᠲᠦᠯᠦᠯᠲᠡ ᠶᠢᠨ ᠲᠤᠬᠠᠢ ᠬᠠᠤᠯᠢ ᠳᠤ ᠵᠢᠭᠠᠭᠰᠠᠨ 《ᠪᠢᠴᠢᠭ ᠢᠶᠡᠷ》 ᠭᠡᠰᠡᠨ ᠨᠡᠷ᠎ᠡ ᠲᠣᠮᠢᠶᠠᠨ ᠤ ᠠᠭᠤᠯᠭ᠎ᠠ ᠳᠤ ᠴᠠᠭᠠᠰᠤᠨ᠂ ᠡᠰᠡᠬᠦᠯ᠎ᠡ ᠴᠠᠬᠢᠮ ᠬᠡᠯᠪᠡᠷᠢ ᠶᠢᠨ ᠠᠯᠢ ᠠᠯᠢᠨ ᠢ ᠨᠢ ᠬᠠᠮᠢᠶᠠᠷᠤᠭᠤᠯᠵᠤ ᠣᠶᠢᠯᠠᠭᠠᠬᠤ ᠪᠠᠷ ᠵᠢᠭᠠᠭᠰᠠᠨ. ᠭᠡᠪᠡᠴᠦ ᠪᠤᠰᠤᠳ ᠰᠠᠯᠪᠤᠷᠢ ᠶᠢᠨ ᠬᠠᠤᠯᠢ ᠨᠤᠭᠤᠳ ᠲᠤ ᠵᠢᠭᠠᠭᠰᠠᠨ ᠤ ᠳᠠᠭᠠᠤ 《ᠪᠢᠴᠢᠭ ᠢᠶᠡᠷ》 ᠭᠡᠰᠡᠨ ᠢ ᠬᠡᠷᠡᠭᠵᠢᠭᠦᠯᠬᠦ ᠳᠦ ᠪᠡᠨ ᠵᠥᠪᠬᠡᠨ ᠴᠠᠭᠠᠰᠤᠨ ᠬᠡᠯᠪᠡᠷᠢ ᠳᠦ ᠪᠠᠶᠢᠭ᠎ᠠ ᠪᠢᠴᠢᠭ ᠢ ᠲᠣᠭᠠᠴᠠᠵᠤ᠂ ᠣᠶᠢᠯᠠᠭᠠᠵᠤ᠂ ᠬᠡᠪᠰᠢᠵᠦ ᠢᠷᠡᠭᠰᠡᠨ ᠨᠢ ᠮᠡᠳᠡᠭᠡᠯᠡᠯ ᠰᠣᠯᠢᠯᠴᠠᠭ᠎ᠠ᠂ ᠦᠢᠯᠡᠴᠢᠯᠡᠭᠡ ᠶᠢ ᠴᠠᠬᠢᠮ ᠬᠡᠯᠪᠡᠷᠢ ᠪᠡᠷ ᠬᠦᠷᠭᠡᠬᠦ ᠳᠦ ᠬᠦᠨᠳᠦᠷᠡᠯ ᠡᠭᠦᠰᠬᠡᠵᠦ᠂ ᠮᠣᠩᠭᠣᠯ ᠤᠯᠤᠰ ᠤᠨ ᠴᠠᠬᠢᠮ ᠰᠢᠯᠵᠢᠯᠲᠡ ᠶᠢ ᠤᠳᠠᠭᠠᠰᠢᠷᠠᠭᠤᠯᠬᠤ ᠨᠥᠬᠥᠴᠡᠯ ᠪᠠᠶᠢᠳᠠᠯ ᠳᠤ ᠬᠦᠷᠭᠡᠬᠦ ᠪᠡᠷ ᠪᠠᠶᠢᠭ᠎ᠠ ᠶᠢ ᠰᠠᠯᠪᠤᠷᠢ ᠶᠢᠨ ᠰᠠᠶᠢᠳ ᠣᠨᠴᠠᠯᠠᠪᠠ᠃
ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠠᠴᠠ ᠮᠣᠩᠭᠣᠯ ᠤᠯᠤᠰ ᠲᠤ ᠬᠦᠴᠦᠨ ᠲᠡᠭᠦᠯᠳᠡᠷ ᠦᠢᠯᠡᠴᠢᠯᠡᠵᠦ ᠪᠤᠢ 430 ᠭᠠᠷᠤᠢ ᠬᠠᠤᠯᠢ ᠶᠢ ᠰᠤᠳᠤᠯᠵᠠᠢ. ᠡᠳᠡᠭᠡᠷ ᠬᠠᠤᠯᠢ ᠳᠤ ᠵᠥᠪᠬᠡᠨ 《ᠪᠢᠴᠢᠭ ᠢᠶᠡᠷ》 ᠪᠤᠶᠤ 《ᠴᠠᠭᠠᠰᠤᠨ ᠬᠡᠯᠪᠡᠷᠢ ᠪᠡᠷ》 ᠭᠡᠵᠦ ᠵᠢᠭᠠᠭᠰᠠᠨ ᠦᠭᠡ ᠬᠡᠯᠡᠯᠭᠡ ᠲᠡᠢ 169 ᠬᠠᠤᠯᠢ ᠶᠢᠨ 869 ᠬᠡᠰᠡᠭ ᠪᠠᠶᠢᠭ᠎ᠠ ᠪᠥᠭᠡᠳ ᠴᠠᠬᠢᠮ ᠬᠡᠯᠪᠡᠷᠢ ᠪᠡᠷ ᠦᠢᠯᠡ ᠠᠵᠢᠯᠯᠠᠭ᠎ᠠ ᠶᠠᠪᠤᠭᠤᠯᠬᠤ ᠶᠢ ᠦᠭᠡᠶᠢᠰᠬᠡᠭᠰᠡᠨ ᠠᠭᠤᠯᠭ᠎ᠠ ᠲᠠᠢ ᠪᠠᠶᠢᠨ᠎ᠠ. ᠮᠥᠨ 《ᠴᠠᠭᠠᠰᠤ ᠪᠠᠷ》᠂ 《ᠥᠪᠡᠷ ᠦᠨ ᠪᠡᠶ᠎ᠡ ᠪᠡᠷ》᠂ 《ᠬᠠᠭᠤᠯᠪᠤᠷᠢ》᠂ 《ᠪᠢᠴᠢᠭ ᠢᠶᠡᠷ ᠬᠦᠷᠭᠡᠭᠦᠯᠦᠨ᠎ᠡ》 ᠭᠡᠵᠦ ᠴᠠᠭᠠᠰᠤᠨ ᠰᠠᠭᠤᠷᠢ ᠲᠠᠢ ᠪᠠᠷᠢᠮᠲᠠ ᠪᠢᠴᠢᠭ ᠢ ᠱᠠᠭᠠᠷᠳᠠᠭᠰᠠᠨ ᠬᠡᠰᠡᠭ ᠦᠳ ᠴᠤ ᠲᠦᠭᠡᠮᠡᠯ ᠪᠠᠶᠢᠭ᠎ᠠ ᠠᠵᠢ. ᠡᠶᠢᠮᠦ ᠳᠦ ᠬᠠᠤᠯᠢ ᠨᠤᠭᠤᠳ ᠲᠤ ᠵᠢᠭᠠᠭᠰᠠᠨ 《ᠪᠢᠴᠢᠭ ᠢᠶᠡᠷ》 ᠭᠡᠰᠡᠨ ᠢ 《ᠴᠠᠭᠠᠰᠤᠨ᠂ ᠡᠰᠡᠬᠦᠯ᠎ᠡ ᠴᠠᠬᠢᠮ ᠬᠡᠯᠪᠡᠷᠢ ᠪᠡᠷ》 ᠭᠡᠵᠦ ᠦᠭᠡᠷᠡᠴᠢᠯᠡᠵᠦ᠂ ᠬᠠᠤᠯᠢ ᠬᠣᠭᠣᠷᠣᠨᠳᠣ ᠶᠢᠨ ᠨᠡᠶᠢᠴᠡᠯ ᠢ ᠬᠠᠩᠭᠠᠬᠤ᠂ ᠣᠶᠢᠯᠠᠭᠠᠯᠲᠠ ᠶᠢᠨ ᠵᠥᠷᠢᠭᠦᠦ ᠶᠢ ᠠᠷᠢᠯᠭᠠᠬᠤ ᠬᠡᠷᠡᠭᠴᠡᠭᠡ ᠱᠠᠭᠠᠷᠳᠠᠯᠭ᠎ᠠ ᠡᠭᠦᠰᠦᠭᠰᠡᠨ ᠪᠠᠶᠢᠨ᠎ᠠ᠃
ᠲᠥᠷᠥ ᠶᠢᠨ ᠦᠢᠯᠡ ᠠᠵᠢᠯᠯᠠᠭ᠎ᠠ ᠶᠢ ᠴᠠᠬᠢᠮ ᠬᠡᠯᠪᠡᠷᠢ ᠪᠡᠷ ᠶᠠᠪᠤᠭᠤᠯᠬᠤ᠂ ᠢᠷᠭᠡᠨ᠂ ᠬᠠᠤᠯᠢ ᠶᠢᠨ ᠡᠲᠡᠭᠡᠳ ᠦᠨ ᠲᠥᠷᠥ ᠶᠢᠨ ᠪᠠᠶᠢᠭᠤᠯᠤᠯᠭ᠎ᠠ ᠠᠴᠠ ᠠᠪᠬᠤ ᠦᠢᠯᠡᠴᠢᠯᠡᠭᠡ ᠶᠢ ᠴᠠᠬᠢᠮᠵᠢᠭᠤᠯᠬᠤ᠂ ᠴᠠᠬᠢᠮ ᠪᠠᠷᠢᠮᠲᠠ ᠪᠢᠴᠢᠭ ᠢ ᠬᠦᠯᠢᠶᠡᠨ ᠵᠦᠪᠰᠢᠶᠡᠷᠡᠬᠦ᠂ ᠨᠤᠲᠠᠯᠠᠬᠤ ᠪᠠᠷᠢᠮᠲᠠ ᠶᠢᠨ ᠬᠡᠮᠵᠢᠶᠡᠨ ᠳᠦ ᠦᠨᠡᠯᠡᠳᠡᠭ ᠪᠠᠶᠢᠬᠤ ᠨᠥᠬᠥᠴᠡᠯ ᠢ ᠪᠦᠷᠢᠳᠦᠭᠦᠯᠬᠦ ᠵᠣᠷᠢᠯᠭ᠎ᠠ ᠪᠠᠷ ᠨᠡᠶᠢᠲᠡ 120 ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠪᠠᠷ ᠬᠣᠯᠪᠣᠭᠳᠠᠬᠤ ᠬᠠᠤᠯᠢ ᠶᠢᠨ ᠲᠥᠰᠥᠯ ᠦᠳ ᠢ ᠪᠣᠯᠪᠠᠰᠤᠷᠠᠭᠤᠯᠵᠠᠢ᠃
ᠮᠣᠩᠭᠣᠯ ᠤᠯᠤᠰ ᠤᠨ ᠵᠠᠰᠠᠭ ᠤᠨ ᠭᠠᠵᠠᠷ ᠤᠨ 2020 ᠣᠨ ᠤ ᠰᠠᠩᠬᠦᠦ ᠶᠢᠨ ᠨᠢᠭᠡᠳᠦᠭᠰᠡᠨ ᠲᠠᠶᠢᠯᠤᠨ ᠠᠴᠠ ᠦᠵᠡᠪᠡᠯ ᠪᠢᠴᠢᠭ ᠬᠡᠷᠡᠭ ᠦᠨ ᠵᠠᠷᠤᠳᠠᠯ ᠳᠤ 25.3 ᠲᠡᠷᠪᠤᠮ ᠲᠥᠭᠦᠷᠢᠭ᠂ ᠰᠢᠤᠳᠠᠨ᠂ ᠬᠣᠯᠪᠣᠭ᠎ᠠ᠂ ᠢᠨᠲ᠋ᠧᠷᠨᠡᠲ ᠦᠨ ᠲᠥᠯᠦᠪᠦᠷᠢ ᠳᠦ 20.1 ᠲᠡᠷᠪᠤᠮ ᠲᠥᠭᠦᠷᠢᠭ ᠢ ᠵᠠᠷᠤᠴᠠᠭᠤᠯᠤᠭᠰᠠᠨ. ᠲᠡᠭᠦᠨᠴᠢᠯᠡᠨ ᠨᠢᠭᠡ ᠠᠯᠪᠠᠨ ᠪᠢᠴᠢᠭ ᠢ ᠰᠢᠤᠳᠠᠨ ᠢᠶᠠᠷ ᠢᠯᠡᠭᠡᠵᠦ᠂ ᠲᠤᠬᠠᠢ ᠶᠢᠨ ᠪᠠᠶᠢᠭᠤᠯᠤᠯᠭ᠎ᠠ ᠨᠢ ᠬᠦᠯᠢᠶᠡᠨ ᠠᠪᠬᠤ ᠳᠤ ᠳᠤᠮᠳᠠᠴᠢ ᠪᠠᠷ 1-7 ᠡᠳᠦᠷ ᠢ ᠵᠠᠷᠤᠴᠠᠭᠤᠯᠳᠠᠭ ᠪᠠᠶᠢᠨ᠎ᠠ. ᠴᠠᠬᠢᠮ ᠭᠠᠷ ᠤᠨ ᠦᠰᠦᠭ ᠦᠨ ᠲᠤᠬᠠᠢ ᠬᠠᠤᠯᠢ ᠪᠠᠲᠤᠯᠠᠭᠳᠠᠭᠰᠠᠨ ᠠᠴᠠ ᠬᠣᠶᠢᠰᠢ ᠪᠦᠷᠢᠳᠬᠡᠯ ᠦᠨ ᠪᠠᠶᠢᠭᠤᠯᠤᠯᠭ᠎ᠠ ᠠᠴᠠ 354.739 ᠲᠣᠭᠠᠨ ᠭᠠᠷ ᠤᠨ ᠦᠰᠦᠭ ᠢ ᠣᠯᠭᠤᠭᠰᠠᠨ ᠴᠤ ᠬᠡᠷᠡᠭᠯᠡᠭᠡ ᠬᠠᠩᠭᠠᠯᠲᠠ ᠦᠭᠡᠢ ᠬᠡᠪ ᠢᠶᠡᠷ ᠪᠠᠶᠢᠭ᠎ᠠ ᠶᠤᠮ᠃
ᠬᠠᠤᠯᠢ ᠶᠢᠨ ᠲᠥᠰᠦᠯ ᠦᠳ ᠪᠠᠲᠤᠯᠠᠭᠳᠠᠭᠰᠠᠨ ᠢᠶᠠᠷ ᠢᠷᠭᠡᠨ᠂ ᠬᠠᠤᠯᠢ ᠶᠢᠨ ᠡᠲᠡᠭᠡᠳ ᠲᠦ ᠲᠥᠷᠦ ᠶᠢᠨ ᠦᠢᠯᠡᠴᠢᠯᠡᠭᠡ᠂ ᠮᠡᠳᠡᠭᠡᠯᠡᠯ ᠢ ᠴᠠᠬᠢᠮ ᠬᠡᠯᠪᠡᠷᠢ ᠪᠡᠷ ᠬᠦᠷᠭᠡᠬᠦ ᠪᠣᠯᠤᠮᠵᠢ ᠶᠢ ᠨᠡᠮᠡᠭᠳᠡᠭᠦᠯᠵᠦ᠂ ᠮᠡᠳᠡᠭᠡᠯᠡᠯ ᠳᠠᠮᠵᠢᠭᠤᠯᠬᠤ᠂ ᠰᠣᠯᠢᠯᠴᠠᠬᠤ ᠳᠤ ᠴᠠᠭ ᠬᠤᠭᠤᠴᠠᠭ᠎ᠠ ᠬᠡᠮᠨᠡᠵᠦ᠂ ᠵᠠᠷᠤᠳᠠᠯ ᠢ ᠪᠠᠭᠤᠷᠠᠭᠤᠯᠬᠤ᠂ ᠲᠥᠷᠦ ᠶᠢᠨ ᠦᠢᠯᠡᠴᠢᠯᠡᠭᠡ ᠶᠢ ᠬᠢᠯᠪᠠᠷ᠂ ᠰᠢᠭᠤᠷᠬᠠᠢ ᠠᠪᠬᠤ ᠨᠥᠬᠥᠴᠡᠯ ᠢ ᠪᠦᠷᠢᠳᠦᠭᠦᠯᠦᠨ᠎ᠡ. ᠮᠥᠨ ᠴᠠᠬᠢᠮ ᠪᠠᠷᠢᠮᠲᠠ ᠪᠢᠴᠢᠭ ᠦᠨ ᠬᠡᠷᠡᠭᠯᠡᠭᠡ ᠶᠢ ᠳᠡᠮᠵᠢᠵᠦ᠂ ᠬᠡᠷᠡᠭ ᠬᠢᠨᠠᠨ ᠰᠢᠢᠳᠪᠦᠷᠢᠯᠡᠬᠦ ᠠᠵᠢᠯᠯᠠᠭᠠᠨ ᠤ ᠶᠠᠪᠤᠴᠠ ᠳᠤ ᠨᠣᠲᠠᠯᠠᠬᠤ ᠪᠠᠷᠢᠮᠲᠠ ᠶᠢᠨ ᠬᠡᠮᠵᠢᠶᠡᠨ ᠳᠦ ᠦᠨᠡᠯᠡᠵᠦ᠂ ᠡᠷᠬᠡ ᠵᠦᠢ ᠶᠢᠨ ᠬᠦᠴᠦᠨ ᠴᠢᠳᠠᠯ ᠪᠤᠢ ᠪᠣᠯᠤᠨ᠎ᠠ ᠭᠡᠳᠡᠭ ᠢ ᠲᠥᠰᠦᠯ ᠦᠨ ᠲᠠᠨᠢᠯᠴᠠᠭᠤᠯᠭ᠎ᠠ ᠳᠤ ᠳᠤᠷᠠᠳᠴᠠᠢ ᠬᠡᠮᠡᠨ ᠤᠯᠤᠰ ᠤᠨ ᠶᠡᠬᠡ ᠬᠤᠷᠠᠯ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠠᠴᠠ ᠮᠡᠳᠡᠭᠡᠯᠡᠪᠡ᠃

ᠨᠡᠶᠢᠲᠡᠯᠡᠭᠰᠡᠨ᠄