ᠮᠣᠩᠭᠣᠯ ᠤᠯᠤᠰ ᠤᠨ ᠦᠨᠳᠦᠰᠦᠨ ᠬᠠᠤᠯᠢ ᠳᠤ ᠤᠷᠤᠭᠤᠯᠬᠤ ᠥᠭᠡᠷᠡᠴᠢᠯᠡᠯᠲᠡ ᠶᠢᠨ ᠲᠥᠰᠥᠯ ᠦᠨ ᠬᠣᠶᠠᠷ ᠳᠠᠬᠢ ᠬᠡᠯᠡᠯᠴᠡᠭᠦᠯᠭᠡ ᠶᠢ ᠬᠡᠨᠲᠡᠢ ᠠᠶᠢᠮᠠᠭ ᠤᠨ ᠢᠷᠭᠡᠳ ᠲᠦ ᠵᠣᠬᠢᠶᠠᠨ ᠪᠠᠶᠢᠭᠤᠯᠤᠯ᠎ᠠ


ᠤᠯᠤᠰ ᠤᠨ ᠶᠡᠬᠡ ᠬᠤᠷᠠᠯ ᠢᠶᠠᠷ ᠬᠡᠯᠡᠯᠴᠡᠭᠳᠡᠵᠦ ᠪᠤᠢ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠰᠠᠨᠠᠭᠠᠴᠢᠯᠠᠨ ᠪᠣᠯᠪᠠᠰᠤᠷᠠᠭᠤᠯᠤᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠥᠭᠡᠷᠡᠴᠢᠯᠡᠯᠲᠡ ᠣᠷᠣᠭᠤᠯᠬᠤ ᠲᠥᠰᠦᠯ ᠦᠨ ᠠᠵᠢᠯ ᠤᠨ ᠬᠡᠰᠡᠭ ᠲᠦ ᠮᠡᠷᠭᠡᠵᠢᠯ᠂ ᠠᠷᠭ᠎ᠠ ᠵᠦᠢ ᠶᠢᠨ ᠳᠡᠮᠵᠢᠯᠭᠡ ᠦᠵᠡᠭᠦᠯᠬᠦ ᠡᠭᠦᠷᠭᠡ ᠪᠦᠬᠦᠢ ᠠᠵᠢᠯ ᠤᠨ ᠳᠡᠳ᠋ ᠬᠡᠰᠡᠭ ᠦᠨ ᠪᠦᠷᠢᠯᠳᠦᠬᠦᠨ ᠦ ᠭᠡᠰᠢᠭᠦᠨ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠳᠡᠳ᠋ ᠰᠠᠶᠢᠳ ᠵ.ᠡᠷᠬᠢᠮᠪᠠᠭᠠᠲᠤᠷ ᠬᠡᠨᠲᠡᠢ ᠠᠶᠢᠮᠠᠭ ᠲᠤ ᠠᠵᠢᠯᠯᠠᠯ᠎ᠠ᠃
ᠡᠨᠡᠬᠦ ᠲᠥᠰᠥᠯ ᠦᠨ ᠦᠵᠡᠯ ᠪᠠᠷᠢᠮᠲᠠᠯᠠᠯ᠂ ᠥᠭᠡᠷᠡᠴᠢᠯᠡᠯᠲᠡ ᠶᠢᠨ ᠲᠥᠰᠥᠯ ᠢ ᠬᠢᠬᠦ ᠪᠣᠯᠤᠭᠰᠠᠨ ᠲᠠᠯᠠᠭᠠᠷᠬᠢ ᠲᠠᠨᠢᠯᠴᠠᠭᠤᠯᠭ᠎ᠠ᠂ ᠬᠣᠶᠠᠷ ᠳᠠᠬᠢ ᠬᠡᠯᠡᠯᠴᠡᠭᠦᠯᠭᠡ ᠶᠢ ᠤᠡᠬ ᠶᠢᠨ ᠭᠡᠰᠢᠭᠦᠨ᠂ ᠵᠠᠰᠠᠭ ᠤᠨ ᠭᠠᠵᠠᠷ ᠤᠨ ᠭᠡᠰᠢᠭᠦᠨ᠂ ᠣᠯᠢᠮᠫ᠂ ᠨᠡᠶᠢᠲᠡ ᠶᠢᠨ ᠪᠡᠶ᠎ᠡ ᠶᠢᠨ ᠲᠠᠮᠢᠷ᠂ ᠰᠫᠣᠷᠲ ᠤᠨ ᠦᠨᠳᠦᠰᠦᠨ ᠦ ᠬᠣᠷᠢᠶᠠᠨ ᠤ ᠳᠠᠷᠤᠭ᠎ᠠ ᠪ.ᠪᠠᠲᠤ ᠡᠷᠳᠡᠨᠢ᠂ ᠤᠡᠬ ᠶᠢᠨ ᠭᠡᠰᠢᠭᠦᠨ᠂ ᠢᠨᠨᠣᠸᠠᠼᠢ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠭᠡᠰᠢᠭᠦᠨ ᠴ.ᠢᠳᠡᠷᠪᠠᠲ᠂ ᠴᠠᠬᠢᠮ ᠬᠥᠭᠵᠢᠯ᠂ ᠬᠠᠷᠢᠯᠴᠠᠭ᠎ᠠ᠂ ᠬᠣᠯᠪᠣᠭᠠᠨ ᠤ ᠳᠡᠳ᠋ ᠰᠠᠶᠢᠳ ᠵ.ᠡᠷᠬᠢᠮᠪᠠᠭᠠᠲᠤᠷ ᠨᠠᠷ ᠬᠡᠨᠲᠡᠢ ᠠᠶᠢᠮᠠᠭ ᠤᠨ ᠬᠡᠷᠯᠡᠨ ᠰᠤᠮᠤ ᠶᠢᠨ ᠢᠷᠭᠡᠳ ᠲᠦ ᠲᠠᠨᠢᠯᠴᠠᠭᠤᠯᠤᠯ᠎ᠠ᠃
ᠮᠥᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠤᠷᠤᠭᠤᠯᠬᠤ ᠥᠭᠡᠷᠡᠴᠢᠯᠡᠯᠲᠡ ᠶᠢᠨ ᠲᠥᠰᠥᠯ ᠦᠨ ᠨᠢᠭᠡ ᠳ᠋ᠡᠬᠢ᠂ ᠬᠡᠯᠡᠯᠴᠡᠭᠦᠯᠭᠡ ᠶᠢᠨ ᠦᠷ᠎ᠡ ᠳᠦᠩ᠂ ᠤᠡᠬ᠂ ᠵᠠᠰᠠᠭ ᠤᠨ ᠭᠠᠵᠠᠷ ᠠᠴᠠ ᠬᠡᠷᠡᠭᠵᠢᠭᠦᠯᠬᠦ ᠲᠡᠳᠬᠦᠪᠦᠷᠢ ᠶᠢᠨ ᠵᠥᠷᠢᠭᠦᠦ ᠶᠢ ᠠᠷᠢᠯᠭᠠᠬᠤ᠂ ᠴᠠᠯᠢᠩ ᠤᠨ ᠨᠡᠮᠡᠭᠳᠡᠯ ᠲᠡᠢ ᠬᠣᠯᠪᠣᠭ᠎ᠠ ᠲᠠᠢ ᠨᠡᠩ ᠲᠡᠷᠢᠭᠦᠨ ᠳᠦ ᠲᠥᠷᠥ ᠶᠢᠨ ᠨᠡᠶᠢᠲᠡᠯᠢᠭ ᠦᠢᠯᠡᠴᠢᠯᠡᠭᠡᠨ ᠦ ᠠᠯᠪᠠᠨ ᠬᠠᠭᠠᠭᠴᠢᠳ᠂ ᠬᠠᠮᠤᠭ ᠤᠨ ᠪᠠᠭ᠎ᠠ᠂ ᠰᠠᠭᠤᠷᠢ ᠴᠠᠯᠢᠩ ᠲᠠᠢ ᠲᠤᠬᠠᠶᠢᠯᠠᠭᠰᠠᠨ ᠰᠠᠯᠪᠠᠷ ᠤᠳ ᠲᠤ ᠴᠠᠯᠢᠩ ᠤᠨ ᠬᠡᠲᠦ ᠢᠯᠭᠠᠪᠤᠷᠢᠲᠠᠢ ᠪᠠᠶᠢᠳᠠᠯ ᠢ ᠠᠷᠢᠯᠭᠠᠬᠤ ᠠᠴᠢ ᠬᠣᠯᠪᠣᠭᠳᠠᠯ ᠪᠦᠬᠦᠢ ᠪᠣᠳᠣᠯᠭ᠎ᠠ᠂ ᠴᠢᠭᠯᠡᠯ ᠦᠨ ᠲᠠᠯ᠎ᠠ ᠪᠠᠷ ᠲᠠᠨᠢᠯᠴᠠᠭᠤᠯᠵᠤ᠂ ᠰᠣᠨᠢᠷᠬᠠᠭᠰᠠᠨ ᠠᠰᠠᠭᠤᠯᠲᠠ ᠨᠤᠭᠤᠳ ᠲᠤ ᠬᠠᠷᠢᠭᠤᠯᠲᠠ ᠥᠭᠴᠦ᠂ ᠰᠠᠨᠠᠯ ᠰᠣᠯᠢᠯᠴᠠᠯ᠎ᠠ᠃

ᠨᠡᠶᠢᠲᠡᠯᠡᠭᠰᠡᠨ᠄