ᠲᠥᠷᠦ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠭᠠᠵᠠᠷ ᠤᠨ 《ᠬᠤᠷᠳᠤᠨ》 ᠴᠡᠭ ᠪᠠᠶᠠᠨ-ᠥᠯᠥᠭᠡᠢ ᠠᠶᠢᠮᠠᠭ ᠲᠤ ᠨᠡᠭᠡᠭᠡᠭᠳᠡᠯ᠎ᠡ᠃


ᠪᠠᠶᠠᠨ-ᠥᠯᠥᠭᠡᠢ ᠠᠶᠢᠮᠠᠭ ᠲᠥᠷᠦ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭ ᠢ ᠨᠡᠪᠲᠡᠷᠡᠭᠦᠯᠦᠭᠰᠡᠨ ᠑᠖ ᠳ᠋ᠠᠬᠢ ᠠᠶᠢᠮᠠᠭ ᠪᠣᠯᠤᠯ᠎ᠠ᠃ ᠠᠯᠤᠰᠯᠠᠭᠳᠠᠭᠰᠠᠨ ᠪᠥᠰᠡ ᠨᠤᠲᠤᠭ ᠲᠤ ᠢᠷᠭᠡᠳ ᠲᠥᠷᠥ ᠊ᠢᠢᠨ ᠦᠢᠯᠡᠴᠢᠯᠡᠭᠡ ᠊ᠢᠢ ᠣᠫᠧᠷᠠᠲ᠋ᠣᠷ ᠤᠨ ᠭᠣᠷᠢᠮ ᠊ᠢᠢᠠᠷ ᠣᠷᠣᠨ ᠨᠤᠲᠤᠭ ᠤᠨ ᠊ᠢᠢᠠᠨ ᠥᠪᠡᠷ ᠲᠦ ᠣᠶᠢᠷ᠎ᠠ ᠪᠠᠶᠢᠷᠢᠯᠠᠬᠤ ᠴᠡᠭ ᠡᠴᠡ ᠲᠦᠷᠭᠡᠨ ᠰᠢᠭᠤᠷᠬᠠᠢ᠂ ᠵᠠᠷᠤᠳᠠᠯ ᠴᠢᠷᠦᠭᠳᠡᠯ ᠤᠭᠡᠢ᠂ ᠬᠦᠨᠳᠦ ᠰᠤᠷᠲᠠᠯ ᠦᠭᠡᠢ ᠠᠪᠬᠤ ᠪᠣᠯᠤᠮᠵᠢ ᠡᠶᠢᠨᠬᠦᠦ ᠪᠥᠷᠢᠳᠴᠦ ᠪᠠᠶᠢᠨ᠎ᠠ᠃

ᠪᠠᠶᠠᠨ-ᠥᠯᠥᠭᠡᠢ ᠠᠶᠢᠮᠠᠭ ᠳᠠᠬᠢ 《ᠬᠤᠷᠳᠤᠨ》 ᠴᠡᠭ ᠦᠨ ᠨᠡᠭᠡᠭᠡᠯᠲᠡ ᠳᠦ ᠄

ᠪᠠᠶᠠᠨ-ᠥᠯᠥᠭᠡᠢ ᠠᠶᠢᠮᠠᠭ ᠤᠨ ᠵᠠᠰᠠᠭ ᠳᠠᠷᠤᠭ᠎ᠠ ᠠ᠊ ∙ ᠺᠠᠮᠧᠯᠢᠶ᠎ᠠ ᠳᠤ

ᠼᠠ᠊ ᠬᠥ᠊ ᠬᠠ᠊ ᠬᠣ᠊-᠊ᠤ ᠲᠥᠷᠥ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭ

ᠲᠥ᠊ ᠼᠠ᠊ ᠦ᠊ ᠽᠣ᠊ ᠭᠠ᠊- ᠤᠨ ᠳᠠᠷᠤᠭ᠎ᠠ ᠫ ∙ ᠪᠠᠲᠤᠪᠠᠭᠠᠲᠤᠷ ᠨᠠᠷ ᠣᠷᠣᠯᠴᠠᠵᠤ ᠢᠷᠭᠡᠳ ᠲᠦ ᠮᠡᠳᠡᠭᠡᠯᠡᠯ ᠥᠭᠭᠦᠯ᠎ᠡ᠃

ᠪᠠᠶᠠᠨ-ᠥᠯᠥᠭᠡᠢ ᠠᠶᠢᠮᠠᠭ ᠤᠨ ᠢᠷᠭᠡᠳ ᠲᠥᠷᠥ ᠊ᠢᠢᠨ ᠓᠕ ᠪᠠᠶᠢᠭᠤᠯᠤᠯᠭ᠎ᠠ ᠊ᠢᠢᠨ ᠔᠔᠐ ᠦᠢᠯᠡᠴᠢᠯᠡᠭᠡ ᠊ᠢᠢ ᠡᠬᠢᠨ ᠊ᠤ ᠡᠭᠡᠯᠵᠢᠨ ᠊ᠳᠦ 《ᠬᠤᠷᠳᠤᠨ》 ᠴᠡᠭ ᠡᠴᠡ ᠠᠪᠬᠤ ᠪᠣᠯᠤᠮᠵᠢ ᠲᠠᠢ ᠪᠥᠭᠡᠳ ᠦᠢᠯᠡᠴᠢᠯᠡᠭᠡᠨ ᠊ᠤ ᠲᠣᠭ᠎ᠠ ᠶᠢ ᠨᠡᠮᠡᠭᠳᠡᠭᠦᠯᠦᠭᠰᠡᠭᠡᠷ ᠡᠨᠡ ᠣᠨᠳᠣᠣ ᠑᠐᠐᠐ ᠬᠦᠷᠭᠡᠬᠦ ᠵᠣᠷᠢᠯᠭ᠎ᠠ ᠲᠠᠢ ᠍ᠲᠥ᠊ ᠼᠠ᠊ ᠦ᠊ ᠽᠣ᠊ ᠭᠠ᠊  ᠊ᠢᠢᠨ ᠬᠠᠮᠲᠤ ᠣᠯᠠᠨ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄