ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠦᠨᠳᠦᠰᠦᠨ ᠦ ᠣᠷᠣᠯᠴᠠᠭᠴᠢ ᠲᠠᠯ ᠤᠳ ᠤᠨ IV ᠹᠣᠷᠣᠮ ᠵᠣᠬᠢᠶᠠᠨ ᠪᠠᠶᠢᠭᠤᠯᠤᠭᠳᠠᠵᠤ ᠪᠠᠶᠢᠨ᠎ᠠ


ᠳᠡᠯᠡᠬᠡᠢ ᠶᠢᠨ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ 7 ᠬᠣᠨᠣᠭ ᠡᠨᠡ ᠵᠢᠯ 10 ᠳ᠋ᠤᠭᠠᠷ ᠰᠠᠷ᠎ᠠ ᠶᠢᠨ 24-31 ᠍ ᠦ ᠡᠳᠦᠷ ᠦᠳ ᠲᠦ ᠲᠣᠬᠢᠶᠠᠵᠤ ᠪᠠᠶᠢᠨ᠎ᠠ᠃ ᠡᠪ ᠨᠢᠭᠡᠳᠦᠯ ᠢ ᠪᠤᠢ ᠪᠣᠯᠭᠠᠬᠤ᠂ ᠢᠲᠡᠭᠡᠯᠴᠡᠯ ᠢ ᠪᠡᠬᠢᠵᠢᠭᠦᠯᠬᠦ ᠵᠣᠷᠢᠯᠭ᠎ᠠ ᠪᠦᠬᠦᠢ ᠡᠨᠡ ᠤᠳᠠᠭ᠎ᠠ ᠶᠢᠨ ХММСБ ᠍ ᠤᠨ 7 ᠬᠣᠨᠣᠭ 《ᠢᠲᠡᠭᠡᠯᠴᠡᠯ ᠢ ᠪᠡᠬᠢᠵᠢᠭᠦᠯᠬᠦ ᠨᠢ᠄ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠠᠴᠢ ᠬᠣᠯᠪᠣᠭᠳᠠᠯ》 ᠤᠷᠢᠶᠠᠨ ᠳᠣᠣᠷ᠎ᠠ ᠨᠢᠭᠡᠳᠦᠨ᠂ ᠶᠢᠨ᠋ᠧᠰᠺᠣ ᠶᠢᠨ ᠪᠡᠭᠡᠵᠢᠩ ᠳ᠋ᠡᠬᠢ ᠲᠥᠯᠥᠭᠡᠯᠡᠭᠴᠢ ᠶᠢᠨ ᠭᠠᠵᠠᠷ ᠤᠨ ᠳᠡᠮᠵᠢᠯᠭᠡ ᠲᠡᠢ ᠪᠡᠷ ᠴᠠ᠊ ᠬᠥ᠊ ᠬᠠ᠊ ᠬᠣᠯ᠊ ᠶᠠ᠊᠂ UNESCO ᠍ ᠶᠢᠨ ᠮᠣᠩᠭᠣᠯ ᠤᠨ ᠦᠨᠳᠦᠰᠦᠨ ᠦ ᠺᠣᠮᠢᠰ᠂ ᠬᠡᠪᠯᠡᠯ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ /ХММСБ/ ᠦᠨᠳᠦᠰᠦᠨ ᠦ ᠰᠦᠯᠵᠢᠶ᠎ᠡ᠂ ᠬᠡᠪᠯᠡᠯ ᠦᠨ ᠬᠦᠷᠢᠶᠡᠯᠡᠩ᠂ Faro Foundation᠂ e-mongolia ᠬᠠᠮᠲᠤᠷᠠᠨ ᠵᠣᠬᠢᠶᠠᠨ ᠪᠠᠶᠢᠭᠤᠯᠵᠤ ᠪᠠᠶᠢᠨ᠎ᠠ᠃

ᠹᠣᠷᠣᠮ ᠢ ᠨᠡᠭᠡᠭᠡᠵᠦ ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ᠄ ᠢᠷᠭᠡᠳ ᠦᠨ ᠮᠡᠳᠡᠭᠡᠯᠡᠯ ᠢ ᠢᠯᠭᠠᠵᠤ ᠲᠠᠨᠢᠳᠠᠭ᠂ ᠱᠦᠭᠦᠨ ᠲᠤᠩᠭᠠᠳᠠᠭ᠂ ᠡᠬᠢ ᠰᠤᠷᠪᠤᠯᠵᠢ ᠶᠢ ᠨᠢᠭᠲᠠᠯᠠᠳᠠᠭ ᠳᠠᠳᠤᠯ᠂ ᠲᠥᠯᠦᠪᠰᠢᠯ ᠢ ᠪᠤᠢ ᠪᠣᠯᠭᠠᠬᠤ ᠬᠡᠪᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠢ ᠳᠡᠭᠡᠭᠰᠢᠯᠡᠭᠦᠯᠬᠦ ᠱᠠᠭᠠᠷᠳᠠᠯᠭ᠎ᠠ ᠡᠭᠦᠰᠴᠦ ᠪᠠᠶᠢᠭ᠎ᠠ ᠶᠢ ᠨᠡᠶᠢᠭᠡᠮ ᠤᠨ ᠰᠦᠯᠵᠢᠶ᠎ᠡ᠂ ᠬᠡᠪᠯᠡᠯ ᠳᠦ ᠨᠡᠶᠢᠲᠡᠯᠡᠭᠳᠡᠵᠦ ᠪᠤᠢ ᠮᠡᠳᠡᠭᠡᠯᠡᠯ ᠦᠨ ᠨᠡᠶᠢᠭᠡᠮ ᠳᠦ ᠦᠵᠡᠭᠦᠯᠵᠦ ᠪᠤᠢ ᠡᠯᠳᠡᠪ ᠨᠥᠯᠥᠭᠡᠯᠡᠯ ᠪᠢᠳᠡᠨ ᠳᠦ ᠰᠠᠨᠠᠭᠤᠯᠵᠤ ᠪᠠᠶᠢᠨ᠎ᠠ᠃ ᠬᠡᠪᠯᠡᠯ ᠮᠡᠳᠡᠭᠡᠯᠡᠯ ᠦᠨ ᠪᠣᠯᠪᠠᠰᠤᠷᠠᠯ ᠤᠨ ᠤᠷ᠎ᠠ ᠴᠢᠳᠠᠪᠤᠷᠢ ᠪᠠᠨ ᠬᠥᠭᠵᠢᠭᠦᠯᠵᠦ ᠪᠡᠬᠢᠵᠢᠭᠦᠯᠬᠦ ᠨᠢ ᠠᠯᠢᠪᠠ ᠮᠡᠳᠡᠭᠡᠯᠡᠯ ᠳᠦ ᠳᠦᠩ ᠰᠢᠨᠵᠢᠯᠡᠭᠡ ᠬᠢᠬᠦ᠂ ᠳ᠋ᠦᠩᠨᠡᠯᠲᠡ ᠭᠠᠷᠭᠠᠬᠤ᠂ ᠬᠠᠷᠢᠭᠤ ᠠᠷᠭ᠎ᠠ ᠬᠡᠮᠵᠢᠶ᠎ᠡ ᠠᠪᠬᠤ᠂ ᠥᠪᠡᠷ ᠢ ᠪᠡᠨ ᠪᠣᠯᠤᠨ ᠪᠤᠰᠤᠳ ᠢ ᠣᠯᠠᠨ ᠨᠡᠶᠢᠲᠡ ᠳᠦ ᠬᠣᠣᠷ ᠨᠥᠯᠥᠭᠡ ᠲᠡᠢ ᠮᠡᠳᠡᠭᠡᠯᠡᠯ ᠡᠴᠡ ᠬᠠᠮᠠᠭᠠᠯᠠᠬᠤ ᠳᠤ ᠨᠡᠩ ᠴᠢᠬᠤᠯᠠ ᠡᠭᠦᠷᠭᠡᠲᠡᠢ ᠶᠢ ᠣᠨᠴᠠᠯᠠᠭᠰᠠᠨ ᠶᠤᠮ᠃ ᠮᠥᠨ UNESCO ᠍ ᠠᠴᠠ ᠬᠡᠷᠡᠭᠵᠢᠭᠦᠯᠵᠦ ᠪᠤᠢ 《ᠬᠡᠪᠯᠡᠯ ᠮᠡᠳᠡᠭᠡᠯᠡ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠪᠠᠭᠰᠢ᠂ ᠰᠤᠷᠤᠯᠴᠠᠭᠴᠢᠳ ᠲᠤ ᠵᠣᠷᠢᠭᠤᠯᠤᠭᠰᠠᠨ ᠬᠢᠴᠢᠶᠡᠯ ᠦᠨ ᠬᠥᠲᠦᠯᠪᠦᠷᠢ》 ᠍ ᠤᠨ ᠬᠦᠷᠢᠶᠡᠨ ᠳᠦ ᠬᠡᠦᠬᠡᠳ᠂ ᠵᠠᠯᠠᠭᠤᠰ᠂ ᠨᠡᠶᠢᠲᠡ ᠢᠷᠭᠡᠳ ᠲᠦ ᠮᠡᠳᠡᠯᠭᠡ ᠪᠣᠯᠪᠠᠰᠤᠷᠠᠯ ᠣᠯᠭᠤᠬᠤ᠂ ᠰᠣᠶᠣᠨ ᠭᠡᠭᠡᠷᠡᠭᠦᠯᠬᠦ ᠦᠢᠯᠡ ᠠᠵᠢᠯᠯᠠᠭ᠎ᠠ᠂ ᠠᠷᠭ᠎ᠠ ᠬᠡᠮᠵᠢᠶ᠎ᠡ ᠨᠦᠭᠦᠳ ᠨᠢ ᠴᠢᠬᠤᠯᠠ ᠠᠴᠢ ᠬᠣᠯᠪᠣᠭᠳᠠᠯ ᠲᠠᠢ ᠶᠢ ᠳᠤᠷᠠᠳᠤᠯ᠎ᠠ᠃

ᠦᠨᠳᠦᠰᠦᠨ ᠦ ᠣᠷᠣᠯᠴᠠᠭᠴᠢ ᠲᠠᠯ ᠤᠳ ᠤᠨ IV ᠹᠣᠷᠣᠮ ᠳᠤ ᠲᠥᠷᠥ ᠶᠢᠨ᠂ ᠢᠷᠭᠡᠨ ᠦ ᠨᠡᠶᠢᠭᠡᠮ ᠤᠨ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠪᠣᠯᠤᠨ ᠬᠡᠪᠯᠡᠯ ᠮᠡᠳᠡᠭᠡᠯᠡᠯ ᠦᠨ ᠰᠠᠯᠪᠤᠷᠢ ᠶᠢᠨ 100 ᠭᠠᠷᠤᠢ ᠲᠥᠯᠥᠭᠡᠯᠡᠭᠴᠢ ᠲᠠᠩᠬᠢᠮ ᠪᠣᠯᠤᠨ ᠴᠠᠬᠢᠮ ᠢᠶᠠᠷ ᠣᠷᠣᠯᠴᠠᠵᠤ᠂ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠠᠴᠢ ᠬᠣᠯᠪᠣᠭᠳᠠᠯ᠂ ᠬᠦᠮᠦᠨ ᠦ ᠡᠷᠬᠡ ᠶᠢᠨ ᠬᠦᠷᠢᠶᠡᠨ ᠳᠦ ᠬᠡᠯᠡᠯᠴᠡᠭᠦᠯᠭᠡ ᠥᠷᠨᠢᠭᠦᠯᠵᠦ᠂ ᠮᠡᠳᠡᠭᠡᠯᠡᠯ ᠰᠣᠯᠢᠯᠴᠠᠵᠤ ᠪᠠᠶᠢᠨ᠎ᠠ᠃

ᠨᠡᠶᠢᠲᠡᠯᠡᠭᠰᠡᠨ᠄