ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ᠂ ᠳᠡᠯᠡᠬᠡᠢ ᠊ᠢᠢᠨ ᠬᠤᠳᠠᠯᠳᠤᠭᠠᠨ ᠊ᠤ ᠪᠠᠶᠢᠭᠤᠯᠤᠯᠭ᠎ᠠ ᠊ᠢᠢᠨ ᠬᠠᠷᠢᠶ᠎ᠠ᠂ ᠣᠯᠠᠨ ᠤᠯᠤᠰ ᠤᠨ ᠬᠤᠳᠠᠯᠳᠤᠭᠠᠨ ᠊ᠤ ᠲᠥᠪ ᠤᠨ ᠵᠦᠪᠳᠡᠬᠦ᠂ ᠬᠠᠲᠤᠭᠲᠠᠢ ᠠᠨᠤᠱᠺᠠ ᠸᠢᠵᠧᠰᠢᠨ᠎ᠠ ᠲᠡᠷᠢᠭᠦᠲᠡᠢ ᠲᠥᠯᠦᠭᠡᠯᠡᠯ ᠢ ᠥᠨᠥᠳᠥᠷ (᠒᠐᠒᠓.᠐᠖.᠒᠒) ᠬᠦᠯᠢᠶᠡᠨ ᠠᠪᠴᠤ ᠠᠭᠤᠯᠵᠠᠯ᠎ᠠ᠃


ᠠᠭᠤᠯᠵᠠᠯᠲᠠ ᠊ᠢᠢᠨ ᠡᠬᠢᠨ ᠊ᠳᠦ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠦᠨᠳᠦᠰᠦᠨ ᠊ᠤ ᠡᠺᠰᠫᠣᠷᠲ ᠤᠨ ᠰᠲᠷᠠᠲ᠋ᠧᠭᠢ ᠪᠣᠯᠪᠠᠰᠤᠷᠠᠭᠤᠯᠬᠤ (ᠦᠯᠦ ᠡᠪᠢ ᠳᠦ ᠬᠢ ᠰᠣᠷᠢᠯᠲᠠ) ᠠᠵᠢᠯ ᠤᠨ ᠬᠦᠷᠢᠶᠡᠨ ᠊ᠳᠦ ᠬᠡᠷᠡᠭᠵᠢᠭᠦᠯᠵᠦ ᠪᠤᠢ ᠪᠣᠳᠣᠯᠭ᠎ᠠ᠂ ᠰᠢᠢᠳᠪᠦᠷᠢ ᠊ᠢᠢ ᠲᠠᠨᠢᠯᠴᠠᠭᠤᠯᠵᠤ᠂ 《ᠠᠭᠤᠯᠠ ᠠᠭᠤᠷᠬᠠᠢ ᠊ᠢᠢᠨ ᠪᠤᠰᠤ ᠰᠠᠯᠪᠤᠷᠢ ᠊ᠢᠢᠨ ᠦᠨᠳᠦᠰᠦᠨ ᠊ᠤ ᠡᠺᠰᠫᠣᠷᠲ ᠤᠨ ᠰᠲᠷᠠᠲ᠋ᠧᠭᠢ (ᠦᠯᠦ ᠡᠪᠢ ᠳᠦ ᠬᠢ ᠰᠣᠷᠢᠯᠲᠠ) ᠪᠣᠯᠪᠠᠰᠤᠷᠠᠭᠤᠯᠬᠤ ᠠᠰᠠᠭᠤᠳᠠᠯᠠᠷᠠᠬ ᠣᠷᠣᠯᠴᠠᠭᠴᠢ ᠲᠠᠯ ᠤᠳ ᠤᠨ ᠠᠩᠬᠠᠳᠤᠭᠠᠷ ᠵᠥᠪᠯᠡᠯ ᠊ᠳᠦ ᠬᠢ ᠠᠭᠤᠯᠵᠠᠯᠲᠠ ᠊ᠳᠤ ᠤᠷᠢᠭᠰᠠᠨ ᠊ᠳᠤ ᠲᠠᠯᠠᠷᠬᠠᠯ ᠢᠶᠠᠨ ᠢᠯᠡᠷᠬᠡᠶᠢᠯᠡᠭᠰᠡᠨ ᠶᠤᠮ᠃

ᠠᠭᠤᠯᠵᠠᠯᠲᠠ ᠪᠠᠷ ᠲᠠᠯ᠎ᠠ ᠨᠤᠭᠤᠳ ᠮᠣᠩᠭᠣᠯ ᠤᠯᠤᠰ ᠤᠨ ᠡᠺᠰᠫᠣᠷᠲ ᠤᠨ ᠦᠢᠯᠡ ᠠᠵᠢᠯᠯᠠᠭᠠᠨ ᠊ᠤ ᠢᠷᠡᠭᠡᠳᠦᠢ ᠊ᠢᠢ ᠲᠣᠳᠣᠷᠬᠠᠶᠢᠯᠠᠬᠤ᠂ 《ᠳᠡᠯᠡᠬᠡᠢ ᠊ᠢᠢᠨ ᠡᠺᠰᠫᠣᠷᠲ ᠤᠨ ᠴᠢᠭᠤᠯᠭ᠎ᠠ ᠠᠭᠤᠯᠵᠠᠯᠲᠠ》 ᠍ ᠤᠨ ᠦᠨᠳᠦᠰᠦᠨ ᠬᠥᠲᠥᠯᠪᠦᠷᠢ ᠊ᠢᠢᠨ ᠨᠢᠭᠡ ᠬᠡᠯᠪᠡᠷᠢ ᠪᠡᠷ ᠵᠣᠬᠢᠶᠠᠨ ᠪᠠᠶᠢᠭᠤᠯᠤᠭᠳᠠᠬᠤ ᠲᠤᠰ ᠠᠭᠤᠯᠵᠠᠯᠲᠠ᠂ ᠵᠥᠪᠯᠡᠭᠡᠨ ᠊ᠳᠦ ᠰᠠᠯᠪᠤᠷᠢ ᠪᠠᠶᠢᠭᠤᠯᠤᠯᠭ᠎ᠠ ᠨᠤᠭᠤᠳ ᠤᠨ ᠣᠷᠣᠯᠴᠠᠭ᠎ᠠ ᠊ᠢᠢ ᠬᠠᠩᠭᠠᠵᠤ᠂ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠯ᠎ᠠ᠃

ᠤᠭ ᠠᠷᠭ᠎ᠠ ᠬᠡᠮᠵᠢᠶ᠎ ᠊ᠢᠢ ᠳᠡᠯᠡᠬᠡᠢ ᠊ᠢᠢᠨ ᠪᠠᠩᠬᠢᠨ ᠊ᠤ ᠰᠠᠩᠬᠦᠵᠢᠯᠲᠡ ᠪᠡᠷ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠊ᠢᠢᠨ ᠶᠠᠮᠤᠨ ᠊ᠤ ᠳᠡᠷᠭᠡᠳᠡ ᠬᠡᠷᠡᠭᠵᠢᠭᠦᠯᠵᠦ ᠪᠤᠢ 《ᠡᠺᠰᠫᠣᠷᠲ ᠊ᠢ ᠳᠡᠮᠵᠢᠬᠦ ᠲᠥᠰᠦᠯ》 ᠍ ᠊ᠢᠢᠨ ᠳᠡᠮᠵᠢᠯᠭᠡ ᠲᠡᠢ ᠪᠡᠷ ᠣᠯᠠᠨ ᠤᠯᠤᠰ ᠤᠨ ᠬᠤᠳᠠᠯᠳᠤᠭᠠᠨ ᠊ᠤ ᠲᠥᠪ (ᠤ᠊ ᠤ᠊ ᠬᠤ᠊ ᠲᠥ᠊) ᠬᠠᠮᠲᠤᠷᠠᠨ ᠵᠣᠬᠢᠶᠠᠨ ᠪᠠᠶᠢᠭᠤᠯᠬᠤ ᠶᠤᠮ᠃

ᠨᠡᠶᠢᠲᠡᠯᠡᠭᠰᠡᠨ᠄