ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠲᠤ ᠠᠵᠢᠯᠯᠠᠯ᠎ᠠ


ᠴᠠᠬᠢᠮ ᠬᠥᠭᠵᠢᠯ ᠢ ᠳᠡᠮᠵᠢᠬᠦ ᠪᠠᠭᠴᠠ ᠬᠠᠤᠯᠢ ᠡᠨᠡ ᠣᠨ ᠤ 05 ᠳ᠋ᠤᠭᠠᠷ ᠰᠠᠷ᠎ᠠ ᠶᠢᠨ 01 ᠍ ᠦ ᠡᠳᠦᠷ ᠡᠴᠡ ᠬᠦᠴᠦᠨ ᠲᠡᠭᠦᠯᠳᠡᠷ ᠮᠥᠷᠳᠡᠭᠳᠡᠵᠦ ᠡᠬᠢᠯᠡᠭᠰᠡᠨ᠃ ᠬᠠᠤᠯᠢ ᠶᠢᠨ ᠬᠡᠷᠡᠭᠵᠢᠯᠲᠡ ᠶᠢ ᠬᠠᠩᠭᠠᠵᠤ ᠠᠵᠢᠯᠯᠠᠬᠤ ᠠᠵᠢᠯ ᠤᠨ ᠬᠦᠷᠢᠶᠡᠨ ᠳᠦ ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ ᠥᠨᠥᠳᠥᠷ (10 ᠰᠠᠷ᠎ᠠ ᠶᠢᠨ 25 ᠍ ᠳᠦ) ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠳᠠᠷᠤᠭ᠎ᠠ ᠵ ∙ ᠬᠤᠨᠠᠨ ᠪᠣᠯᠤᠨ ᠬᠣᠯᠪᠣᠭᠳᠠᠬᠤ ᠠᠯᠪᠠᠨ ᠤ ᠬᠦᠮᠦᠰ ᠲᠡᠢ ᠠᠭᠤᠯᠵᠠᠵᠤ᠂ ᠰᠠᠨᠠᠯ ᠰᠣᠯᠢᠯᠴᠠᠯ᠎ᠠ᠃

ᠠᠭᠤᠯᠵᠠᠯᠲᠠ ᠳᠤ᠄

  1. 《ᠬᠦᠮᠦᠨ ᠦ ᠬᠤᠪ ᠤᠨ ᠮᠡᠳᠡᠭᠡᠯᠡᠯ ᠬᠠᠮᠠᠭᠠᠯᠠᠬᠤ ᠲᠤᠬᠠᠢ》 ᠬᠠᠤᠯᠢ ᠶᠢᠨ ᠬᠡᠷᠡᠭᠵᠢᠯᠲᠡ ᠶᠢ ᠡᠷᠴᠢᠮᠵᠢᠭᠦᠯᠬᠦ᠂ ᠡᠨᠡ ᠬᠦᠷᠢᠶᠡᠨ ᠳᠦ᠄ ᠬᠦᠮᠦᠨ ᠦ ᠬᠤᠪ ᠤᠨ ᠮᠡᠳᠡᠭᠡᠯᠡᠯ ᠬᠠᠮᠠᠭᠠᠯᠠᠬᠤ ᠲᠤᠬᠠᠢ ᠬᠠᠤᠯᠢ ᠳᠤ ᠵᠢᠭᠠᠭᠰᠠᠨ ᠵᠢᠷᠤᠮ ᠤᠳ ᠤᠨ ᠲᠥᠰᠥᠯ ᠢ ᠪᠠᠲᠤᠯᠠᠬᠤ
  2. ᠬᠤᠪᠤ ᠶᠢᠨ ᠮᠡᠳᠡᠭᠡᠯᠡᠯ ᠢᠶᠡᠨ ᠬᠠᠮᠠᠭᠠᠯᠠᠬᠤ ᠲᠠᠯ᠎ᠠ ᠪᠠᠷ ᠢᠷᠭᠡᠳ ᠦᠨ ᠮᠡᠳᠡᠯᠭᠡ ᠣᠶᠢᠯᠠᠭᠠᠯᠲᠠ ᠶᠢ ᠳᠡᠭᠡᠭᠰᠢᠯᠡᠭᠦᠯᠬᠦ᠂ ᠡᠨᠡ ᠬᠦᠷᠢᠶᠡᠨ ᠳᠦ᠄ ᠴᠠᠬᠢᠮ ᠣᠷᠴᠢᠨ ᠳᠤ ᠬᠤᠪᠢ ᠬᠦᠮᠦᠨ ᠥᠪᠡᠷ ᠦᠨ ᠬᠤᠪ ᠤᠨ ᠮᠡᠳᠡᠭᠡᠯᠡᠯ ᠢ ᠨᠢᠭᠤᠴᠠᠯᠠᠬᠤ᠂ ᠠᠶᠤᠯ ᠦᠭᠡᠢ ᠪᠠᠶᠢᠳᠠᠯ ᠢ ᠬᠠᠩᠭᠠᠬᠤ ᠴᠢᠭᠯᠡᠯ ᠢᠶᠡᠷ ᠲᠥᠷᠦ ᠶᠢᠨ ᠪᠠᠶᠢᠭᠤᠯᠤᠯᠭ᠎ᠠ᠂ ᠬᠤᠪ ᠤᠨ ᠬᠡᠪᠰᠢᠯ ᠵᠡᠷᠭᠡ ᠵᠣᠷᠢᠯᠲᠠᠲᠤ ᠪᠦᠯᠦᠭ ᠦᠳ ᠢ ᠲᠣᠳᠣᠷᠬᠠᠶᠢᠯᠠᠵᠤ᠂ ᠬᠣᠯᠪᠣᠭᠳᠠᠬᠤ ᠰᠤᠷᠭᠠᠯᠲᠠ ᠶᠢ ᠵᠣᠬᠢᠶᠠᠨ ᠪᠠᠶᠢᠭᠤᠯᠬᠤ᠂ ᠣᠯᠠᠨ ᠨᠡᠶᠢᠲᠡ ᠶᠢ ᠮᠡᠳᠡᠭᠡᠯᠡᠯ ᠢᠶᠡᠷ ᠬᠠᠩᠭᠠᠬᠤ ᠠᠶᠠᠨ ᠥᠷᠨᠢᠭᠦᠯᠬᠦ
  3. ᠴᠠᠬᠢᠮ ᠤᠷᠴᠢᠨ ᠳᠤ ᠬᠦᠮᠦᠨ ᠦ ᠡᠷᠬᠡ᠂ ᠠᠶᠤᠯ ᠦᠭᠡᠢ ᠪᠠᠶᠢᠳᠠᠯ ᠢ ᠬᠠᠩᠭᠠᠬᠤ ᠴᠢᠭᠯᠡᠯ ᠢᠶᠡᠷ ᠰᠤᠳᠤᠯᠭ᠎ᠠ ᠰᠢᠨᠵᠢᠯᠡᠭᠡ ᠬᠢᠵᠦ᠂ ᠰᠠᠨᠠᠯ ᠪᠣᠯᠪᠠᠰᠤᠷᠠᠭᠤᠯᠬᠤ᠂ ᠡᠨᠡ ᠬᠦᠷᠢᠶᠡᠨ ᠳᠦ᠄ ᠮᠣᠩᠭᠣᠯ ᠤᠯᠤᠰ ᠤᠨ ᠬᠡᠮᠵᠢᠶᠡᠨ ᠳᠦ ᠴᠠᠬᠢᠮ ᠤᠷᠴᠢᠨ ᠳᠤ ᠬᠦᠮᠦᠨ ᠦ ᠡᠷᠬᠡ ᠵᠥᠷᠢᠴᠡᠭᠳᠡᠵᠦ ᠪᠠᠶᠢᠭ᠎ᠠ ᠭᠡᠮᠲᠦ ᠬᠡᠷᠡᠭ ᠦᠨ ᠭᠠᠷᠤᠯᠲᠠ᠂ ᠬᠦᠮᠦᠨ ᠦ ᠡᠷᠬᠡ ᠵᠥᠷᠢᠴᠡᠭᠳᠡᠭᠰᠡᠨ ᠲᠠᠯᠠᠭᠠᠷᠬᠢ ᠨᠢᠭᠡᠳᠦᠭᠰᠡᠨ ᠰᠲ᠋ᠠᠲ᠋ᠢᠰᠲ᠋ᠢᠺ ᠲᠣᠭ᠎ᠠ᠂ ᠪᠠᠷᠢᠮᠲᠠ ᠪᠦᠬᠦᠢ ᠰᠠᠭᠤᠷᠢ ᠰᠤᠳᠤᠯᠭ᠎ᠠ ᠶᠢ ᠬᠢᠵᠦ᠂ ᠴᠢᠨᠠᠭᠰᠢᠳᠠ ᠡᠨᠡ ᠴᠢᠭᠯᠡᠯ ᠢᠶᠡᠷ ᠬᠡᠷᠡᠭᠵᠢᠭᠦᠯᠬᠦ ᠠᠷᠭ᠎ᠠ ᠬᠡᠮᠵᠢᠶᠡᠨ ᠦ ᠲᠠᠯ᠎ᠠ ᠪᠠᠷ ᠰᠠᠨᠠᠯ᠂ ᠳ᠋ᠦᠩᠨᠡᠯᠲᠡ ᠪᠣᠯᠪᠠᠰᠤᠷᠠᠭᠤᠯᠬᠤ ᠵᠡᠷᠭᠡ ᠴᠢᠭᠯᠡᠯ ᠢᠶᠡᠷ ᠬᠠᠮᠲᠤᠷᠠᠨ ᠠᠵᠢᠯᠯᠠᠬᠤ ᠠᠵᠢᠯ ᠤᠨ ᠬᠡᠰᠡᠭ ᠪᠠᠶᠢᠭᠤᠯᠬᠤ ᠪᠠᠷ ᠪᠣᠯᠤᠯ᠎ᠠ᠃
ᠨᠡᠶᠢᠲᠡᠯᠡᠭᠰᠡᠨ᠄