ᠬᠠᠷᠢᠯᠴᠠᠭ᠎ᠠ ᠬᠣᠯᠪᠣᠭᠠᠨ ᠊ᠤ ᠵᠣᠬᠢᠴᠠᠭᠤᠯᠬᠤ ᠬᠣᠷᠢᠶᠠᠨ ᠡᠴᠠ 《ᠰᠲ᠋ᠠᠷᠯᠢᠨᠺ ᠰᠧᠷᠠᠸᠢᠰᠧᠰ ᠮᠣᠩᠭᠣᠯᠢᠶᠠ》 ᠺᠣᠮᠫᠠᠨᠢ ᠳᠤ ᠬᠠᠷᠢᠯᠴᠠᠭ᠎ᠠ ᠬᠣᠯᠪᠣᠭᠠᠨ ᠊ᠤ ᠦᠢᠯᠡᠴᠢᠯᠡᠭᠡ ᠡᠷᠬᠢᠯᠡᠬᠦ ᠪᠣᠯᠤᠨ ᠷᠠᠳᠢᠣ᠋ ᠳᠠᠪᠲᠠᠮᠵᠢ᠂ ᠷᠠᠳᠢᠣ᠋ ᠳᠠᠪᠲᠠᠮᠵᠢ ᠊ᠢᠢᠨ ᠵᠤᠷᠪᠤᠰ ᠠᠰᠢᠭᠯᠠᠬᠤ ᠲᠤᠰᠬᠠᠢ ᠵᠥᠪᠰᠢᠶᠡᠷᠡᠯ ᠣᠯᠭᠤᠵᠤ᠂ ᠥᠨᠥᠳᠥᠷ /᠒᠐᠒᠓.᠐᠗.᠐᠖/ ᠭᠡᠷᠡᠴᠢᠯᠡᠭᠡ ᠊ᠢᠢ ᠭᠠᠷᠳᠠᠭᠤᠯᠤᠯ᠎ᠠ᠃

ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠄ ᠪᠢᠳᠡ ᠰᠠᠯᠪᠤᠷᠢ ᠶᠢᠨ ᠪᠢᠽᠢᠨ᠋ᠧᠰ ᠤᠨ ᠪᠣᠳᠣᠯᠭ᠎ᠠ ᠊ᠢᠢᠨ ᠤᠷᠴᠢᠨ ᠳᠤ ᠰᠠᠯᠬᠢ ᠣᠷᠣᠭᠤᠯᠵᠤ᠂ ᠣᠯᠠᠨ ᠤᠯᠤᠰ ᠤᠨ ᠬᠥᠷᠥᠩᠭᠡ ᠣᠷᠣᠭᠤᠯᠤᠯᠲᠠ᠂ ᠨᠣᠤ ᠬᠠᠤᠭ ᠨᠡᠪᠲᠡᠷᠡᠭᠦᠯᠬᠦ ᠪᠣᠯᠤᠮᠵᠢ ᠶᠢ ᠨᠡᠭᠡᠭᠡᠵᠦ᠂ ᠢᠷᠭᠡᠳ᠂ ᠪᠢᠽᠢᠨ᠋ᠧᠰ ᠤᠨ ᠪᠠᠶᠢᠭᠤᠯᠤᠯᠭ᠎ᠠ ᠨᠤᠭᠤᠳ ᠲᠤ ᠬᠠᠷᠢᠯᠴᠠᠭ᠎ᠠ ᠬᠣᠯᠪᠣᠭᠠᠨ ᠊ᠤ ᠰᠢᠳᠤᠷᠭᠤ᠂ ᠲᠡᠩᠴᠡᠪᠦᠷᠢᠲᠡᠢ ᠰᠢᠢᠳᠦᠯ ᠢ ᠬᠦᠷᠭᠡᠬᠦ ᠪᠡᠷ ᠠᠵᠢᠯᠯᠠᠵᠤ ᠪᠠᠶᠢᠨ᠎ᠠ᠃ ᠪᠣᠳᠣᠯᠭ᠎ᠠ᠂ ᠵᠣᠬᠢᠴᠠᠭᠤᠯᠤᠯᠲᠠ ᠊ᠢᠢᠨ ᠣᠷᠴᠢᠨ ᠲᠣᠳᠣᠷᠬᠠᠢ ᠪᠣᠯᠤᠭᠰᠠᠨ ᠲᠠᠢ ᠬᠣᠯᠪᠣᠭᠳᠠᠭᠤᠯᠤᠨ ᠡᠨᠡ ᠰᠠᠯᠪᠤᠷᠢ ᠊ᠢᠢᠨ ᠪᠢᠽᠢᠨ᠋ᠧᠰ ᠤᠳ ᠦᠢᠯᠡ ᠠᠵᠢᠯᠯᠠᠭ᠎ᠠ ᠶᠠᠪᠤᠭᠤᠯᠬᠤ ᠊ᠳᠤ ᠰᠠᠭᠠᠳ ᠦᠭᠡᠢ ᠪᠣᠯᠵᠤ᠂ ᠤᠯᠠᠮ ᠊ᠢᠢᠠᠷ ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠣᠶᠤᠨ-ᠡᠷᠳᠡᠨᠢ ᠠᠮᠧᠷᠢᠺᠠ ᠊ᠢᠢᠨ ᠨᠢᠭᠡᠳᠦᠭᠰᠡᠨ ᠤᠯᠤᠰ ᠤᠨ 《Tesla》᠂ 《SpaceX》 ᠺᠣᠮᠫᠠᠨᠢ ᠊ᠢᠢᠨ ᠭᠦᠢᠴᠡᠳᠭᠡᠬᠦ ᠵᠠᠬᠢᠷᠤᠯ᠂ 《Twitter》 ᠺᠣᠮᠫᠠᠨᠢ ᠊ᠢᠢᠨ ᠲᠧᠭᠨᠣᠯᠣᠭᠢ ᠬᠠᠷᠢᠭᠤᠴᠠᠭᠰᠠᠨ ᠵᠠᠬᠢᠷᠤᠯ ᠢᠯᠠᠨ ᠮᠠᠰᠺ ᠲᠠᠢ ᠴᠠᠬᠢᠮ ᠢᠶᠠᠷ ᠠᠭᠤᠯᠵᠠᠵᠤ᠂ ᠨᠣᠭᠣᠭᠠᠨ ᠲᠧᠭᠨᠣᠯᠣᠭᠢ᠂ ᠰᠠᠨᠰᠠᠷ᠂ ᠮᠡᠳᠡᠭᠡᠯᠡᠯ ᠤᠨ ᠲᠧᠭᠨᠣᠯᠣᠭᠢ ᠶᠢᠨ ᠴᠢᠭᠯᠡᠯ ᠊ᠢᠢᠡᠷ ᠰᠠᠨᠠᠯ ᠰᠣᠯᠢᠯᠴᠠᠭᠰᠠᠨ᠃

ᠤᠳᠠᠯ ᠦᠭᠡᠢ Starlink Service Mongolia ХХК ᠨᠢ ᠒᠐᠒᠓ ᠣᠨ ᠊ᠤ ᠖ ᠳ᠋ᠤᠭᠠᠷ ᠰᠠᠷ᠎ᠠ ᠊ᠳᠤ ᠬᠠ᠊ ᠬᠣ᠊ ᠽᠣ᠊ ᠬᠣ᠊-᠊ᠳᠤ ᠬᠠᠷᠢᠯᠴᠠᠭ᠎ᠠ ᠬᠣᠯᠪᠣᠭᠠᠨ ᠊ᠤ ᠦᠢᠯᠡᠴᠢᠯᠡᠭᠡ ᠡᠷᠬᠢᠯᠡᠬᠦ ᠲᠤᠰᠬᠠᠢ ᠵᠥᠪᠰᠢᠶᠡᠷᠡᠯ ᠪᠣᠯᠤᠨ ᠰᠠᠨᠰᠠᠷ ᠤᠨ ᠦᠢᠯᠡᠴᠢᠯᠡᠭᠡᠨ ᠊ᠳᠦ KU ᠵᠤᠷᠪᠤᠰ ᠤᠨ ᠷᠠᠳᠢᠣ᠋ ᠳᠠᠪᠲᠠᠮᠵᠢ ᠠᠰᠢᠭᠯᠠᠬᠤ ᠲᠤᠰᠬᠠᠢ ᠵᠥᠪᠰᠢᠶᠡᠷᠡᠯ ᠤᠨ ᠬᠦᠰᠡᠯᠲᠦ ᠊ᠢᠢ ᠭᠠᠷᠭᠠᠭᠰᠠᠨ ᠪᠥᠭᠡᠳ ᠬᠠ᠊ ᠬᠣ᠊ ᠽᠣ᠊ ᠬᠣ᠊ ᠨᠢ ᠬᠠᠤᠯᠢ ᠊ᠢᠢᠨ ᠬᠤᠭᠤᠴᠠᠭᠠᠨ ᠊ᠳᠤ ᠦᠨᠡᠯᠡᠭᠡ ᠊ᠢᠢ ᠬᠢᠵᠦ ᠒᠐᠒᠓ ᠣᠨ ᠊ᠤ ᠗ ᠍ ᠳᠤᠭᠠᠷ ᠰᠠᠷ᠎ᠠ ᠊ᠢᠢᠨ ᠔ ᠬᠣᠷᠢᠶᠠᠨ ᠊ᠤ ᠬᠤᠷᠠᠯᠳᠤᠭᠠᠨ ᠊ᠢᠢᠠᠷ ᠒ ᠲᠤᠰᠬᠠᠢ ᠵᠥᠪᠰᠢᠶᠡᠷᠡᠯ ᠢ ᠣᠯᠭᠤᠬᠤ ᠰᠢᠢᠳᠪᠦᠷᠢ ᠶᠢ ᠭᠠᠷᠭᠠᠯ᠎ᠠ᠃ ᠡᠶᠢᠨᠬᠦᠦ ᠰᠲ᠋ᠠᠷᠯᠢᠨᠺ ᠨᠠᠮ ᠣᠷᠪᠢᠲ ᠤᠨ ᠬᠢᠮᠡᠯ ᠳᠠᠭᠠᠭᠤᠯᠢ ᠶᠢᠨ ᠢᠨᠲ᠋ᠧᠷᠨᠡᠲ ᠦᠨ ᠦᠢᠯᠡᠴᠢᠯᠡᠭᠡ ᠊ᠢᠢ ᠡᠷᠡᠬᠯᠡᠭᠴᠢᠳ ᠡᠴᠡ ᠬᠠᠮᠤᠭ ᠤᠨ ᠲᠦᠷᠦᠭᠦᠨ ᠊ᠳᠦ ᠮᠣᠩᠭᠣᠯ ᠤᠯᠤᠰ ᠲᠤ ᠦᠢᠯᠡ ᠠᠵᠢᠯᠯᠠᠭ᠎ᠠ ᠶᠢ ᠪᠠᠨ ᠠᠯᠪᠠᠨ ᠶᠣᠰᠣᠭᠠᠷ ᠡᠬᠢᠯᠡᠬᠦ ᠳᠦ ᠪᠡᠯᠡᠨ ᠪᠣᠯᠤᠯ᠎ᠠ᠃ ᠮᠣᠩᠭᠣᠯ ᠣᠷᠣᠨ ᠤ ᠬᠠᠮᠢᠭ᠎ᠠ ᠠᠴᠠ ᠴᠤ ᠥᠨᠳᠥᠷ ᠬᠤᠷᠳᠤᠨ ᠤ ᠢᠨᠲ᠋ᠧᠷᠨᠡᠲ ᠲᠦ ᠰᠢᠭᠤᠳ ᠬᠣᠯᠪᠣᠭᠳᠠᠬᠤ ᠪᠣᠯᠤᠮᠵᠢ ᠪᠤᠢ ᠪᠣᠯᠵᠤ ᠪᠠᠶᠢᠭᠠᠳ ᠨᠡᠶᠢᠲᠡ ᠢᠷᠭᠡᠳ ᠦᠨ ᠢᠶᠡᠨ ᠡᠮᠦᠨ᠎ᠡ ᠡᠴᠡ ᠮᠠᠰᠢ ᠶᠡᠬᠡ ᠪᠠᠶᠠᠷᠲᠠᠢ ᠪᠠᠶᠢᠨ᠎ᠠ᠃

ᠰᠲ᠋ᠠᠷᠯᠢᠨᠺ ᠺᠣᠮᠫᠠᠨᠢ ᠊ᠢᠢᠢᠨ ᠠᠽᠢᠶ᠎ᠠ ᠨᠣᠮᠣᠬᠠᠨ ᠳᠠᠯᠠᠢ ᠊ᠢᠢᠨ ᠪᠥᠰᠡ ᠊ᠢᠢᠨ ᠲᠤᠰᠬᠠᠢ ᠵᠥᠪᠰᠢᠶᠡᠷᠡᠯ ᠪᠣᠯᠤᠨ ᠵᠠᠬ᠎ᠠ ᠵᠡᠭᠡᠯᠢ ᠬᠠᠷᠢᠭᠤᠴᠠᠭᠰᠠᠨ ᠮᠧᠨᠧᠵᠧᠷ ᠰᠢᠷᠠᠨ ᠵᠠᠩ ᠢ᠄ ᠮᠣᠩᠭᠣᠯ ᠤᠯᠤᠰ ᠲᠤ ᠦᠢᠯᠡ ᠠᠵᠢᠯᠯᠠᠭ᠎ᠠ ᠶᠠᠪᠤᠭᠤᠯᠬᠤ ᠡᠷᠬᠡ ᠪᠡᠨ ᠭᠠᠷᠳᠠᠨ ᠠᠪᠤᠯ᠎ᠠ᠃ ᠮᠣᠩᠭᠣᠯ ᠤᠯᠤᠰ ᠤᠨ ᠵᠠᠰᠠᠭ ᠤᠨ ᠭᠠᠵᠠᠷ᠂ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ ᠤᠨ ᠵᠦᠭ ᠡᠴᠡ ᠮᠠᠨᠠᠶᠢᠬᠢ ᠰᠢᠭ ᠡᠶᠢᠮᠦ ᠺᠣᠮᠫᠠᠨᠢ ᠨᠤᠭᠤᠳ ᠲᠤ ᠨᠡᠭᠡᠭᠡᠯᠲᠡ ᠲᠡᠢ ᠪᠢᠽᠢᠨ᠋ᠧᠰ ᠡᠷᠬᠢᠯᠡᠬᠦ᠂ ᠵᠣᠬᠢᠰᠲᠠᠢ ᠣᠷᠴᠢᠨ ᠢ ᠨᠢ ᠪᠦᠷᠢᠳᠦᠭᠦᠯᠬᠦ ᠳᠦ ᠬᠤᠷᠳᠤ ᠲᠠᠢ᠂ ᠰᠢᠭᠤᠷᠬᠠᠢ ᠠᠵᠢᠯᠯᠠᠭᠰᠠᠨ ᠲᠠᠯᠠᠷᠬᠠᠯ ᠲᠠᠢ ᠪᠠᠶᠢᠨ᠎ᠠ᠃ ᠮᠥᠨ ᠬᠠ᠊ ᠬᠣ᠊ ᠽᠣ᠊ ᠬᠣ᠊ ᠍ ᠊ᠤ ᠬᠢᠨ ᠊ᠳᠤ ᠪᠠᠶᠠᠷᠯᠠᠵᠤ ᠪᠠᠶᠢᠭ᠎ᠠ ᠪᠠᠨ ᠢᠯᠡᠷᠬᠡᠶᠢᠯᠡᠶ᠎ᠡ᠃ ᠪᠢᠳᠡ ᠮᠣᠩᠭᠣᠯ ᠤᠯᠤᠰ ᠤᠨ ᠢᠷᠭᠡᠳ ᠲᠦ ᠥᠨᠳᠥᠷ ᠬᠤᠷᠳᠤᠨ ᠊ᠤ ᠢᠨᠲ᠋ᠧᠷᠨᠡᠲ ᠤᠨ ᠴᠢᠨᠠᠷᠲᠠᠢ ᠦᠢᠯᠡᠴᠢᠯᠡᠭᠡ ᠦᠵᠡᠭᠦᠯᠬᠦ ᠶᠢᠨ ᠲᠥᠯᠥᠭᠡ ᠠᠵᠢᠯᠯᠠᠨ᠎ᠠ ᠭᠡᠳᠡᠭ ᠊ᠢᠢᠡᠨ ᠠᠮᠠᠯᠠᠵᠤ ᠪᠠᠶᠢᠨ᠎ᠠ᠃

ᠲᠤᠰ ᠺᠣᠮᠫᠠᠨᠢ ᠨᠢ USA᠂ Canada᠂ United Kingdom᠂ Germany᠂ New Zealand᠂ Australia ᠵᠡᠷᠭᠡ ᠕᠐ ᠭᠠᠷᠤᠢ ᠤᠯᠤᠰ ᠲᠤ ᠦᠢᠯᠡᠴᠢᠯᠡᠭᠡ ᠪᠡᠨ ᠨᠡᠪᠲᠡᠷᠡᠭᠦᠯᠵᠦ᠂ ᠔᠐᠐᠐ ᠭᠠᠷᠤᠨ ᠬᠢᠮᠡᠯ ᠳᠠᠭᠠᠭᠤᠯᠢ ᠊ᠢᠢ ᠬᠥᠭᠡᠷᠭᠡᠨ᠂ ᠳᠡᠯᠡᠬᠡᠢ ᠊ᠢᠢ ᠬᠠᠮᠤᠷᠤᠭᠰᠠᠨ ᠬᠢᠮᠡᠯ ᠳᠠᠭᠠᠭᠤᠯᠢ ᠊ᠢᠢᠨ ᠰᠦᠯᠵᠢᠶ᠎ᠡ ᠶᠢ ᠪᠤᠢ ᠪᠣᠯᠭᠠᠭᠠᠳ ᠪᠠᠶᠢᠨ᠎ᠠ᠃
