ᠬᠠᠶ᠋ᠢᠭ ᠤᠨ ᠮᠡᠳᠡᠭᠡᠯᠡᠯ ᠦᠨ ᠰᠠᠩ ᠤᠨ ᠨᠢᠭᠡᠳᠦᠭᠰᠡᠨ ᠰᠢᠰᠲ᠋ᠧᠮ ᠢ ᠬᠡᠷᠡᠭᠯᠡᠭᠡᠨ ᠳᠦ ᠨᠡᠪᠲᠡᠷᠡᠭᠦᠯᠦᠨ᠎ᠡ


ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ᠂ ᠪᠠᠷᠢᠯᠭ᠎ᠠ ᠬᠣᠲᠠ ᠪᠠᠶᠢᠭᠤᠯᠤᠯᠲᠠ ᠶᠢᠨ ᠰᠠᠶᠢᠳ ᠪ ∙ ᠮᠥᠩᠬᠡᠪᠠᠭᠠᠲᠤᠷ ᠨᠠᠷ ᠬᠠᠶ᠋ᠢᠭᠵᠢᠯᠲᠠ ᠶᠢᠨ ᠠᠰᠠᠭᠤᠳᠠᠯ ᠢ ᠰᠢ ᠳᠦ ᠬᠢ ᠵᠣᠷᠢᠯᠭ᠎ᠠ ᠪᠠᠷ ᠥᠩᠭᠡᠷᠡᠭᠰᠡᠨ ᠮᠢᠭᠮᠠᠷ ᠭᠠᠷᠠᠭ ᠲᠤ ᠬᠠᠮᠲᠤᠷᠠᠵᠤ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠭᠰᠠᠨ᠃ ᠡᠨᠡ ᠠᠵᠢᠯ ᠤᠨ ᠬᠦᠷᠢᠶᠡᠨ ᠳᠦ ᠥᠨᠥᠳᠥᠷ /2022.10.27/ ᠲᠥᠷᠥ᠂ ᠬᠤᠪ ᠤᠨ ᠬᠡᠪᠰᠢᠯ ᠦᠨ ᠨᠡᠶᠢᠲᠡ 30 ᠣᠷᠴᠢᠮ ᠪᠠᠶᠢᠭᠤᠯᠤᠯᠭ᠎ᠠ ᠶᠢᠨ ᠲᠥᠯᠥᠭᠡᠯᠡᠯ ᠣᠷᠣᠯᠴᠠᠭᠰᠠᠨ ᠠᠭᠤᠯᠵᠠᠯᠲᠠ᠂ ᠬᠡᠯᠡᠯᠴᠡᠭᠦᠯᠭᠡ ᠶᠢ ᠵᠣᠬᠢᠶᠠᠨ ᠪᠠᠶᠢᠭᠤᠯᠵᠤ᠂ ᠬᠣᠯᠪᠣᠭᠳᠠᠬᠤ ᠠᠯᠪᠠᠨ ᠤ ᠬᠢᠨ ᠳᠤ ᠡᠭᠦᠷᠭᠡ ᠴᠢᠭᠯᠡᠯ ᠥᠭᠭᠦᠯ᠎ᠡ᠃

ᠠᠭᠤᠯᠵᠠᠯᠲᠠ ᠳᠤ 《ᠭᠠᠵᠠᠷ᠂ ᠦᠯᠦ ᠬᠥᠳᠡᠯᠬᠦ ᠬᠥᠷᠥᠩᠭᠡ ᠶᠢᠨ ᠬᠠᠶ᠋ᠢᠭᠵᠢᠭᠤᠯᠤᠯᠲᠠ- ᠣᠷᠣᠨ ᠵᠠᠢ ᠶᠢᠨ ᠥᠭᠭᠥᠭᠳᠡᠯ ᠦᠨ ᠳᠡᠳ᠋ ᠪᠦᠲᠦᠴᠡ》 ᠴᠢᠭᠯᠡᠯ ᠢᠶᠡᠷ ᠭᠠᠵᠠᠷ ᠵᠣᠬᠢᠶᠠᠨ ᠪᠠᠶᠢᠭᠤᠯᠤᠯᠲᠠ᠂ ᠭᠧᠣᠳᠧᠽᠢ ᠵᠢᠷᠤᠭ ᠵᠦᠢ ᠶᠢᠨ ᠭᠠᠵᠠᠷ ᠠᠴᠠ ᠲᠠᠨᠢᠯᠴᠠᠭᠤᠯᠭ᠎ᠠ᠂ ᠮᠡᠳᠡᠭᠡᠯᠡᠯ ᠬᠦᠷᠭᠡᠵᠦ᠂ ᠡᠯ᠎ᠡ ᠰᠡᠳᠦᠪ ᠦᠨ ᠬᠦᠷᠢᠶᠡᠨ ᠳᠦ ᠬᠠᠶ᠋ᠢᠭᠵᠢᠯᠲᠠ ᠶᠢᠨ ᠬᠡᠷᠡᠭᠵᠢᠯᠲᠡ ᠶᠢᠨ ᠣᠳᠣ ᠶᠢᠨ ᠶᠠᠪᠤᠴᠠ᠂ ᠠᠰᠠᠭᠤᠳᠠᠯ᠂ ᠪᠡᠷᠬᠡᠰᠢᠶᠡᠯ ᠶᠠᠭᠤᠨ ᠳᠤ ᠪᠠᠶᠢᠭ᠎ᠠ ᠪᠣᠯᠤᠨ ᠭᠠᠷᠴᠠ ᠰᠢᠢᠳᠦᠯ ᠦᠨ ᠲᠠᠯ᠎ᠠ ᠪᠠᠷ ᠣᠷᠣᠯᠴᠠᠭᠴᠢᠳ ᠰᠠᠨᠠᠯ ᠰᠣᠯᠢᠯᠴᠠᠵᠤ᠂ ᠣᠶᠢᠯᠠᠭᠠᠯᠲᠠ ᠪᠠᠨ ᠨᠢᠭᠡᠳᠬᠡᠨ ᠠᠵᠢᠯ ᠤᠨ ᠬᠡᠰᠡᠭ ᠪᠠᠶᠢᠭᠤᠯᠬᠤ ᠪᠠᠷ ᠪᠣᠯᠤᠯ᠎ᠠ᠃

ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ᠄ ᠮᠣᠩᠭᠣᠯ ᠤᠯᠤᠰ ᠤᠨ ᠵᠠᠰᠠᠭ ᠤᠨ ᠭᠠᠵᠠᠷ ᠴᠠᠬᠢᠮ ᠦᠨᠳᠦᠰᠦᠲᠡᠨ ᠪᠣᠯᠬᠤ ᠵᠣᠷᠢᠯᠲᠠ ᠳᠡᠪᠰᠢᠭᠦᠯᠦᠭᠰᠡᠨ ᠬᠡᠳᠦᠢ ᠴᠤ ᠢᠷᠭᠡᠳ ᠡᠴᠡ ᠢᠷᠡᠭᠦᠯᠵᠦ ᠪᠤᠢ ᠭᠣᠮᠣᠳᠠᠯ᠂ ᠰᠠᠨᠠᠯ ᠤᠨ 70% ᠨᠢ ᠲᠥᠷᠥ ᠶᠢᠨ ᠬᠦᠨᠳᠦ ᠰᠤᠷᠲᠠᠯ᠂ ᠪᠠᠶᠢᠭᠤᠯᠤᠯᠭ᠎ᠠ ᠬᠣᠭᠣᠷᠣᠨᠳᠣ ᠶᠢᠨ ᠤᠶᠠᠯᠳᠤᠭ᠎ᠠ᠂ ᠬᠣᠯᠪᠣᠭ᠎ᠠ ᠬᠠᠩᠭᠠᠯᠲᠠ ᠦᠭᠡᠢ ᠳᠦ ᠪᠠᠶᠢᠨ᠎ᠠ᠃ ᠬᠠᠶ᠋ᠢᠭᠵᠢᠯᠲᠠ ᠲᠠᠢ ᠬᠣᠯᠪᠣᠭ᠎ᠠ ᠲᠠᠢ ᠵᠠᠰᠠᠭ ᠤᠨ ᠭᠠᠵᠠᠷ ᠤᠨ ᠲᠣᠭᠲᠠᠭᠠᠯ ᠭᠠᠷᠤᠭᠰᠠᠨ ᠴᠤ ᠬᠡᠷᠡᠭᠵᠢᠬᠦ ᠦᠭᠡᠢ ᠪᠠᠶᠢᠭ᠎ᠠ ᠰᠢᠯᠲᠠᠭᠠᠨ ᠨᠢ ᠬᠠᠶᠠᠭ ᠪᠦᠷ ᠥᠭᠡᠷ᠎ᠡ᠂ ᠢᠷᠭᠡᠳ ᠠᠯ ᠢ ᠨᠢ ᠬᠡᠷᠡᠭᠯᠡᠬᠦ ᠪᠡᠨ ᠮᠡᠳᠡᠳᠡᠭ ᠦᠭᠡᠢ᠃ ᠥᠨᠥᠳᠥᠷ ᠲᠣᠳᠣᠷᠬᠠᠢ ᠰᠢᠢᠳᠦᠯ ᠳᠦ ᠬᠦᠷᠴᠦ᠂ ᠰᠠᠯᠤᠩᠭᠢᠳᠠ ᠶᠠᠪᠤᠵᠤ ᠢᠷᠡᠭᠰᠡᠨ ᠺᠣᠳ᠋ ᠍ ᠤᠳ ᠢ ᠨᠢᠭᠡᠳᠬᠡᠵᠦ᠂ ᠺᠣᠳ᠋ ᠍ ᠤᠨ ᠨᠢᠭᠡᠳᠦᠭᠰᠡᠨ ᠨᠢᠭᠡ ᠣᠶᠢᠯᠠᠭᠠᠯᠲᠠᠳ ᠬᠦᠷᠬᠦ᠂ ᠮᠡᠳᠡᠭᠡᠯᠡᠯ ᠦᠨ ᠨᠢᠭᠡᠳᠦᠭᠰᠡᠨ ᠨᠢᠭᠡ ᠰᠠᠩ ᠲᠠᠢ ᠪᠣᠯᠵᠤ 《open data》 ᠪᠣᠯᠭᠠᠬᠤ᠂ ᠱᠠᠭᠠᠷᠳᠠᠯᠭ᠎ᠠ ᠲᠠᠢ ᠪᠣᠯ ᠽᠢᠫ ᠺᠣᠳ᠋ ᠍ ᠢ ᠪᠦᠷᠢᠳᠬᠡᠯ ᠦᠨ ᠪᠠᠶᠢᠭᠤᠯᠤᠭᠠᠳ ᠨᠢ ᠥᠭᠬᠦ ᠲᠠᠯ᠎ᠠ ᠪᠠᠷ ᠳᠤᠷᠠᠳᠤᠭᠠᠳ᠂ ᠢᠷᠭᠡᠳ ᠮᠠᠰᠢ ᠡᠩ ᠦᠨ ᠵᠦᠢᠯ ᠬᠦᠰᠴᠢ ᠪᠠᠶᠢᠭ᠎ᠠ᠃ ᠠᠮᠢᠳᠤᠷᠠᠯ ᠤᠨ ᠱᠠᠭᠠᠷᠳᠠᠯᠭ᠎ᠠ ᠪᠠᠶᠢᠬᠤ ᠦᠭᠡᠢ ᠪᠣᠯᠬᠣᠷ ᠢᠷᠭᠡᠳ ᠫᠣᠰᠲ ᠺᠣᠳ᠋᠂ ᠽᠢᠫ ᠺᠣᠳ᠋ ᠍ ᠢᠶᠠᠨ ᠬᠡᠷᠡᠭᠯᠡᠵᠦ ᠮᠡᠳᠡᠬᠦ ᠦᠭᠡᠢ ᠪᠠᠶᠢᠨ᠎ᠠ᠃ ᠨᠢᠭᠡ ᠰᠢᠰᠲ᠋ᠧᠮ ᠳᠦ ᠣᠷᠣᠵᠤ ᠢᠷᠭᠡᠳ ᠲᠦ ᠬᠠᠨᠳᠤᠬᠤ ᠺᠣᠳ᠋ ᠍ ᠢᠶᠠᠨ ᠨᠢᠭᠡ ᠪᠣᠯᠭᠠᠬᠤ ᠲᠠᠯ᠎ᠠ ᠪᠠᠷ ᠣᠨᠴᠠᠯᠠᠭᠰᠠᠨ ᠶᠤᠮ᠃

ᠬᠠᠮᠲᠤᠷᠠᠭᠰᠠᠨ ᠠᠭᠤᠯᠵᠠᠯᠲᠠ ᠶᠢᠨ ᠦᠷ᠎ᠡ ᠳ᠋ᠦᠩ ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠪᠣᠯᠤᠨ ᠪᠠᠷᠢᠯᠭ᠎ᠠ᠂ ᠬᠣᠲᠠ ᠪᠠᠶᠢᠭᠤᠯᠤᠯᠲᠠ ᠶᠢᠨ ᠰᠠᠶᠢᠳ᠂ ᠬᠠᠤᠯᠢ ᠵᠦᠢ᠂ ᠳᠣᠲᠣᠭᠠᠳᠤ ᠬᠡᠷᠡᠭ ᠦᠨ ᠰᠠᠶᠢᠳ ᠨᠠᠷ ᠤᠨ ᠬᠠᠮᠲᠤᠷᠠᠭᠰᠠᠨ ᠲᠤᠰᠢᠶᠠᠯ ᠭᠠᠷᠴᠤ᠂ ᠠᠵᠢᠯ ᠤᠨ ᠬᠡᠰᠡᠭ 14 ᠬᠣᠨᠣᠭ ᠤᠨ ᠬᠤᠭᠤᠴᠠᠭᠠᠨ ᠳᠤ ᠠᠵᠢᠯ ᠤᠨ ᠲᠥᠯᠦᠪᠯᠡᠭᠡ ᠶᠢ ᠲᠠᠨᠢᠯᠴᠠᠭᠤᠯᠤᠨ᠂ ᠮᠡᠳᠡᠭᠡᠯᠡᠯ ᠬᠦᠷᠭᠡᠬᠦ ᠪᠡᠷ ᠲᠣᠭᠲᠠᠯ᠎ᠠ᠃

ᠨᠡᠶᠢᠲᠡᠯᠡᠭᠰᠡᠨ᠄