ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠊ᠤ ᠶᠠᠮᠤᠨ ᠊ᠤ ᠰᠠᠨᠠᠭᠠᠴᠢᠯᠭ᠎ᠠ ᠪᠠᠷ ᠮᠡᠳᠡᠭᠡᠯᠡᠯ᠂ ᠲᠧᠭᠨᠣᠯᠣᠭᠢ ᠊ᠢᠢᠨ ᠦᠨᠳᠦᠰᠦᠨ ᠊ᠤ ᠫᠠᠷᠺ ᠳᠦ ᠰᠢᠨᠵᠢᠯᠡᠬᠦ ᠤᠬᠠᠭᠠᠨ᠂ ᠲᠧᠭᠨᠣᠯᠣᠭᠢ ᠊ᠢᠢᠨ ᠶᠡᠬᠡ ᠰᠤᠷᠭᠠᠭᠤᠯᠢ ᠊ᠢᠢᠨ ᠬᠠᠷᠢᠶ᠎ᠠ ᠶᠡᠷᠦᠩᠬᠡᠢ ᠪᠣᠯᠪᠠᠰᠤᠷᠠᠯ ᠤᠨ ᠠᠬᠠᠯᠠᠬᠤ ᠰᠤᠷᠭᠠᠭᠤᠯᠢ ᠊ᠢᠢᠨ ᠮᠡᠳᠡᠭᠡᠯᠡᠯ ᠦᠨ ᠲᠧᠭᠨᠣᠯᠣᠭᠢ ᠊ᠢᠢᠨ ᠭᠦᠨᠵᠡᠭᠡᠶᠢᠷᠡᠭᠦᠯᠦᠭᠰᠡᠨ ᠰᠤᠷᠭᠠᠯᠲᠠ ᠲᠠᠢ ᠠᠩᠭᠢ ᠨᠤᠭᠤᠳ ᠬᠢᠴᠢᠶᠡᠯᠯᠡᠵᠦ ᠡᠬᠢᠯᠡᠯ᠎ᠡ᠃

ᠨᠡᠭᠡᠭᠡᠯᠲᠡ ᠊ᠢᠢᠨ ᠦᠢᠯᠡ ᠠᠵᠢᠯᠯᠠᠭᠠᠨ ᠊ᠳᠤ ᠼᠠ ᠬᠥ ᠬᠠ ᠬᠣ᠊-᠊ᠤ ᠰᠠᠶᠢᠳ ᠨ ∙ ᠤᠴᠠᠷᠠᠯ᠂ ᠳᠡᠳ᠋ ᠰᠠᠶᠢᠳ ᠵ ∙ ᠡᠷᠬᠢᠮᠪᠠᠭᠠᠲᠤᠷ᠂ ᠼᠠ ᠬᠥ ᠬᠠ ᠬᠣ᠊-᠊ᠤ ᠵᠦᠪᠳᠡᠬᠦ ᠰᠢᠨᠵᠢᠯᠡᠬᠦ ᠤᠬᠠᠭᠠᠨ᠂ ᠲᠧᠭᠨᠣᠯᠣᠭᠢ ᠊ᠢᠢᠨ ᠶᠡᠬᠡ ᠰᠤᠷᠭᠠᠭᠤᠯᠢ ᠊ᠢᠢᠨ ᠵᠠᠬᠢᠷᠤᠯ᠂ ᠳ᠋ᠣᠺᠲ᠋ᠣᠷ᠂ ᠫᠷᠣᠹᠧᠰᠰᠣᠷ ᠲ ∙ ᠨᠠᠮᠨᠠᠩ ᠨᠠᠷᠠ ᠪᠣᠯᠤᠨ ᠰᠢᠨᠵᠢᠯᠡᠬᠦ ᠤᠬᠠᠭᠠᠨ᠂ ᠲᠧᠭᠨᠣᠯᠣᠭᠢ ᠊ᠢᠢᠨ ᠶᠡᠬᠡ ᠰᠤᠷᠭᠠᠭᠤᠯᠢ ᠊ᠢᠢᠨ ᠤᠳᠤᠷᠢᠳᠤᠯᠭ᠎ᠠ ᠪᠤᠰᠤᠳ ᠲᠥᠯᠥᠭᠡᠯᠡᠯ᠂ ᠪᠠᠭᠰᠢ᠂ ᠰᠤᠷᠤᠭᠴᠢ᠂ ᠡᠴᠢᠭᠡ ᠡᠬᠡᠴᠦᠳ ᠣᠷᠣᠯᠴᠠᠯ᠎ᠠ᠃

ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠄ ᠴᠠᠬᠢᠮ ᠶᠠᠮᠤᠨ ᠊ᠤ ᠪᠣᠳᠣᠯᠭ᠎ᠠ ᠴᠢᠭᠯᠡᠯ᠂ ᠬᠦᠮᠦᠨ ᠊ᠤ ᠨᠥᠭᠡᠴᠡ᠂ ᠮᠡᠳᠡᠭᠡᠯᠡᠯ ᠵᠦᠢ ᠊ᠢᠢᠨ ᠮᠡᠷᠭᠡᠰᠢᠭᠰᠡᠨ ᠢᠷᠡᠭᠡᠳᠦᠢ ᠊ᠢᠢᠨ ᠢᠨᠵᠧᠨᠧᠷ ᠤᠳ ᠊ᠢ ᠪᠡᠯᠡᠳᠬᠡᠬᠦ ᠵᠣᠷᠢᠯᠭ᠎ᠠ ᠪᠠᠷ ᠡᠨᠡᠬᠦ ᠠᠩᠭᠢ ᠨᠤᠭᠤᠳ ᠢ ᠨᠡᠭᠡᠭᠡᠵᠦ ᠪᠠᠶᠢᠨ᠎ᠠ᠃ ᠲᠧᠭᠨᠣᠯᠣᠭᠢ ᠊ᠢᠢᠨ ᠦᠰᠦᠷᠦᠩᠭᠦᠢ ᠬᠥᠭᠵᠢᠯ ᠤᠨ ᠡᠨᠡ ᠦᠶ᠎ᠡ ᠊ᠳᠦ ᠲᠧᠭᠨᠣᠯᠣᠭᠢ ᠊ᠢᠢᠨ ᠰᠢᠯᠢᠳᠡᠭ ᠮᠡᠷᠭᠡᠵᠢᠯᠲᠡᠨ ᠨᠦᠭᠦᠳ ᠊ᠢ ᠪᠡᠯᠡᠳᠬᠡᠬᠦ ᠵᠠᠶᠢᠯᠠᠰᠢ ᠦᠭᠡᠢ ᠱᠠᠭᠠᠷᠳᠠᠯᠭ᠎ᠠ ᠲᠠᠢ᠃ ᠮᠣᠩᠭᠣᠯ ᠤᠯᠤᠰ ᠤᠨ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠤᠨ ᠲᠧᠭᠨᠣᠯᠣᠭᠢ ᠊ᠢᠢᠨ ᠰᠠᠯᠪᠤᠷᠢ ᠊ᠳᠤ ᠓᠙᠐᠐᠐ ᠢᠨᠵᠧᠨᠧᠷ ᠱᠠᠭᠠᠷᠳᠠᠯᠭ᠎ᠠ ᠲᠠᠢ ᠪᠥᠭᠡᠳ ᠬᠦᠮᠦᠨ ᠊ᠤ ᠨᠥᠭᠡᠴᠡ ᠊ᠢᠢᠨ ᠴᠣᠭᠴᠠ ᠪᠣᠳᠣᠯᠭ᠎ᠠ ᠬᠡᠷᠡᠭᠵᠢᠭᠦᠯᠵᠦ᠂ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠰᠢᠯᠢᠳᠡᠭ ᠵᠠᠯᠠᠭᠤᠰ ᠢ ᠪᠡᠯᠡᠳᠬᠡᠬᠦ ᠳᠦ ᠮᠠᠨ ᠊ᠤ ᠶᠠᠮᠤ ᠣᠨᠴᠠᠭᠠᠢ ᠠᠩᠬᠠᠷᠴᠤ ᠪᠠᠶᠢᠨ᠎ᠠ᠃

ᠮᠡ᠊ ᠲ᠋᠊ ᠦ᠊ ᠫᠠ᠊ ᠍ ᠊ᠢᠢᠨ ᠵᠠᠬᠢᠷᠤᠯ ᠵ ∙ ᠵᠣᠯᠵᠠᠶᠠ᠄ ᠮᠡ᠊ ᠲ᠋᠊ ᠦ᠊ ᠫᠠ᠊ ᠴᠢᠨᠠᠭᠰᠢᠳᠠ ᠲᠧᠭᠨᠣᠯᠣᠭᠢ ᠊ᠢᠢᠨ ᠰᠠᠯᠪᠤᠷᠢ ᠊ᠢᠢᠨ ᠬᠦᠮᠦᠨ ᠊ᠤ ᠨᠥᠭᠡᠴᠡ ᠊ᠢᠢ ᠪᠡᠯᠡᠳᠬᠦ᠂ ᠰᠠᠶᠢᠵᠢᠷᠠᠭᠤᠯᠬᠤ ᠴᠢᠭᠯᠡᠯ ᠊ᠳᠦ ᠣᠨᠴᠠᠭᠠᠢ ᠠᠩᠬᠠᠷᠤᠨ᠎ᠠ᠃ ᠰᠤᠷᠤᠭᠴᠢᠳ ᠊ᠢ ᠢᠨᠺᠦᠶᠢᠪᠠᠲ᠋ᠤᠷ ᠺᠣᠮᠫᠠᠨᠢ ᠨᠤᠭᠤᠳ ᠲᠤ ᠳᠠᠳᠤᠯᠭ᠎ᠠ ᠬᠢᠬᠦ ᠣᠷᠴᠢᠨ᠂ ᠠᠵᠢᠯ ᠤᠨ ᠪᠠᠶᠢᠷᠢ ᠪᠠᠷ ᠬᠠᠩᠭᠠᠨ᠎ᠠ᠃

ᠡᠨᠡᠬᠦ ᠠᠬᠠᠯᠠᠬᠤ ᠰᠤᠷᠭᠠᠭᠤᠯᠢ ᠊ᠳᠤ ᠰᠤᠷᠤᠯᠴᠠᠭᠰᠠᠨ ᠊ᠢᠢᠠᠷ᠄
– ᠶᠡᠬᠡ ᠰᠤᠷᠭᠠᠭᠤᠯᠢ ᠊ᠳᠤ ᠡᠯᠰᠡᠬᠦ ᠳᠦ ᠪᠡᠨ ᠪᠠᠺᠠᠯᠠᠪᠠᠷ ᠤᠨ ᠲᠦᠪᠰᠢᠨ ᠊ᠳᠦ ᠑᠕ ᠺᠷᠧᠳᠢᠲ ᠲᠣᠭᠠᠴᠠᠨ ᠰᠤᠷᠤᠯᠴᠠᠬᠤ ᠪᠣᠯᠤᠮᠵᠢ ᠲᠠᠢ᠃
– ᠵᠠᠪᠠᠯ ᠔ ᠵᠢᠯ ᠰᠤᠷᠠᠬᠤ ᠦᠭᠡᠢ ᠪᠣᠭᠣᠨᠢ ᠬᠤᠭᠤᠴᠠᠭᠠᠨ ᠊ᠳᠤ ᠰᠤᠷᠤᠯᠴᠠᠭᠠᠳ ᠲᠡᠭᠦᠰᠬᠦ ᠪᠣᠯᠤᠮᠵᠢ ᠲᠠᠢ᠃
– ᠮᠡᠷᠭᠡᠵᠢᠯ ᠤᠨ ᠰᠧᠷᠲ᠋ᠢᠹᠢᠺᠠᠲ ᠣᠯᠭᠤᠨ᠎ᠠ᠃
– ᠳᠠᠳᠤᠯᠭ᠎ᠠ ᠬᠢᠬᠦ ᠣᠷᠴᠢᠨ᠂ ᠠᠵᠢᠯ ᠤᠨ ᠪᠠᠶᠢᠷᠢ ᠪᠠᠷ ᠬᠠᠩᠭᠠᠨ᠎ᠠ᠃


