ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ ᠪᠦᠭᠦᠳᠡ ᠨᠠᠶᠢᠷᠠᠮᠳᠠᠬᠤ ᠡᠰᠲ᠋ᠣᠨᠢ ᠤᠯᠤᠰ ᠲᠤ ᠠᠵᠢᠯ ᠤᠨ ᠠᠶᠢᠯᠴᠢᠯᠠᠯ ᠬᠢᠵᠦ ᠪᠠᠶᠢᠨ᠎ᠠ᠃ ᠠᠶᠢᠯᠴᠢᠯᠠᠯ ᠤᠨ ᠪᠦᠷᠢᠯᠳᠦᠬᠦᠨ ᠊ᠳᠦ ᠼᠠ᠊ ᠬᠥ᠊ ᠬᠠ᠊ ᠬᠣ᠊-᠊ᠤ ᠲᠥᠷᠦ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭ ᠪᠣᠯᠤᠨ ᠬᠣᠯᠪᠣᠭᠳᠠᠬᠤ ᠠᠯᠪᠠᠨ ᠊ᠤ ᠬᠢᠨ ᠠᠵᠢᠯᠯᠠᠵᠤ᠂ ᠥᠨᠥᠳᠥᠷ ᠡᠷᠡᠭᠦᠯ ᠮᠡᠨᠳᠦ᠂ ᠬᠠᠯᠠᠮᠵᠢ ᠊ᠢᠢᠨ ᠮᠡᠳᠡᠭᠡᠯᠡᠯ ᠤᠨ ᠰᠢᠰᠲ᠋ᠧᠮ ᠤᠨ ᠲᠥᠪ /The Health and Welfare Information Systems Centre/ ᠍ ᠤᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠦᠢᠯᠡ ᠠᠵᠢᠯᠯᠠᠭ᠎ᠠ ᠲᠠᠢ ᠨᠢ ᠲᠠᠨᠢᠯᠴᠠᠯ᠎ᠠ᠃

ᠠᠭᠤᠯᠵᠠᠯᠲᠠ ᠊ᠢᠢᠨ ᠦᠶ᠎ᠡ ᠪᠡᠷ ᠡᠰᠲ᠋ᠣᠨᠢ ᠤᠯᠤᠰ ᠤᠨ ᠡᠷᠡᠭᠦᠯ ᠮᠡᠨᠳᠦ᠂ ᠨᠡᠶᠢᠭᠡᠮ ᠤᠨ ᠬᠠᠮᠠᠭᠠᠯᠠᠯ ᠤᠨ ᠰᠠᠯᠪᠤᠷᠢ ᠊ᠢᠢᠨ ᠦᠢᠯᠡᠴᠢᠯᠡᠭᠡ ᠊ᠢᠢ ᠬᠡᠷᠬᠢᠨ ᠴᠠᠬᠢᠮᠵᠢᠭᠤᠯᠤᠭᠰᠠᠨ ᠲᠤᠷᠰᠢᠯᠭ᠎ᠠ ᠲᠠᠢ ᠲᠠᠨᠢᠯᠴᠠᠵᠤ᠂ ᠮᠣᠩᠭᠣᠯ ᠤᠯᠤᠰ ᠲᠤ ᠨᠡᠪᠲᠡᠷᠡᠭᠦᠯᠬᠦ ᠴᠢᠭᠯᠡᠯ ᠊ᠢᠢᠡᠷ ᠬᠠᠮᠲᠤᠷᠠᠨ ᠠᠵᠢᠯᠯᠠᠬᠤ ᠰᠠᠨᠠᠯ ᠲᠠᠯᠪᠢᠯ᠎ᠠ᠃ ᠲᠤᠬᠠᠶᠢᠯᠠᠪᠠᠯ ᠨᠡᠶᠢᠭᠡᠮ ᠤᠨ ᠬᠠᠯᠠᠮᠵᠢ᠂ ᠲᠡᠳᠬᠦᠮᠵᠢ ᠊ᠢᠢ ᠣᠯᠭᠤᠬᠤ᠂ ᠲᠣᠭᠲᠠᠭᠠᠬᠤ ᠊ᠳᠤ ᠪᠠᠨ ᠥᠭᠭᠥᠭᠳᠡᠯ ᠊ᠳᠦ ᠰᠠᠭᠤᠷᠢᠯᠠᠭᠰᠠᠨ ᠰᠢᠢᠳᠪᠦᠷᠢ ᠭᠠᠷᠭᠠᠬᠤ ᠂ ᠬᠢᠮᠡᠯ ᠣᠶᠤᠨ ᠤᠬᠠᠭᠠᠨ ᠠᠰᠢᠭᠯᠠᠬᠤ᠂ ᠡᠷᠡᠭᠦᠯ ᠮᠡᠨᠳᠦ ᠊ᠢᠢᠨ ᠰᠠᠯᠪᠤᠷᠢ ᠊ᠳᠤ ᠪᠤᠢ ᠪᠣᠯᠤᠭᠰᠠᠨ ᠳᠠᠪᠬᠤᠷᠳᠠᠭᠰᠠᠨ ᠬᠥᠷᠦᠩᠭᠡ ᠣᠷᠣᠭᠤᠯᠤᠯᠲᠠ ᠲᠠᠢ ᠰᠢᠰᠲ᠋ᠧᠮ ᠤᠳ ᠲᠦ ᠮᠡᠳᠡᠭᠡᠯᠡᠯ ᠤᠨ ᠲᠧᠭᠨᠣᠯᠣᠭᠢ ᠊ᠢᠢᠨ ᠠᠦ᠋ᠳᠢᠲ ᠬᠢᠵᠦ᠂ ᠳ᠋ᠦᠩᠨᠡᠯᠲᠡ ᠭᠠᠷᠭᠠᠵᠤ᠂ ᠣᠳᠣ ᠪᠠᠶᠢᠭ᠎ᠠ ᠰᠢᠰᠲ᠋ᠧᠮ ᠊ᠢ ᠷᠧ ᠢᠨᠵᠧᠨᠧᠷᠢᠨ ᠢ ᠬᠢᠬᠦ ᠵᠡᠷᠭᠡ ᠴᠢᠭᠯᠡᠯ ᠤᠳ ᠊ᠢᠢᠡᠷ ᠬᠠᠮᠲᠤᠷᠠᠨ ᠠᠵᠢᠯᠯᠠᠬᠤ ᠰᠠᠨᠠᠯ ᠲᠠᠯᠪᠢᠯ᠎ᠠ᠃

ᠲᠤᠰ ᠪᠠᠶᠢᠭᠤᠯᠤᠯᠭ᠎ᠠ ᠊ᠢᠢᠨ ᠵᠦᠭ ᠡᠴᠡ ᠳᠡᠭᠡᠷᠡᠬᠢ ᠴᠢᠭᠯᠡᠯ ᠤᠳ ᠊ᠢᠢᠡᠷ ᠬᠠᠮᠲᠤᠷᠠᠨ ᠠᠵᠢᠯᠯᠠᠬᠤ ᠪᠣᠯᠤᠮᠵᠢ ᠲᠠᠢ ᠭᠡᠳᠡᠭ ᠊ᠢᠢᠠᠨ ᠢᠯᠡᠷᠬᠡᠶᠢᠯᠡᠭᠰᠡᠨ ᠶᠤᠮ᠃ ТЕHIK ᠨᠢ ᠬᠥᠳᠡᠯᠮᠦᠷᠢ᠂ ᠨᠡᠶᠢᠭᠡᠮ ᠤᠨ ᠬᠠᠮᠠᠭᠠᠯᠠᠯ ᠤᠨ ᠶᠠᠮᠤ᠂ ᠨᠡᠶᠢᠭᠡᠮ ᠤᠨ ᠳᠠᠭᠠᠳᠬᠠᠯ ᠤᠨ ᠵᠥᠪᠯᠡᠯ᠂ ᠡᠷᠡᠦ ᠮᠡᠨᠳᠦ ᠊ᠢᠢᠨ ᠳᠠᠭᠠᠳᠬᠠᠯ ᠤᠨ ᠰᠠᠨ᠂ ᠡᠷᠡᠭᠦᠯ ᠮᠡᠨᠳᠦ ᠊ᠢᠢᠨ ᠵᠥᠪᠯᠡᠯ᠂ ᠡᠷᠡᠭᠦᠯ ᠮᠡᠨᠳᠦ ᠊ᠢᠢᠨ ᠬᠥᠭᠵᠢᠯ ᠤᠨ ᠦᠨᠳᠦᠰᠦᠨ ᠊ᠤ ᠬᠦᠷᠢᠶᠡᠯᠡᠩ᠂ ᠡᠮ ᠡᠮᠨᠡᠯᠡᠵᠦᠢ ᠊ᠢᠢᠨ ᠭᠠᠵᠠᠷ᠂ ᠬᠢᠨᠠᠯᠲᠠ ᠰᠢᠨᠵᠢᠯᠡᠭᠡ᠂ ᠠᠰᠲᠠᠨᠤ ᠮᠡ᠊ ᠰᠤ᠊ ᠦ᠊ ᠲᠥ᠊ ᠵᠡᠷᠭᠡ ᠪᠠᠶᠢᠭᠤᠯᠤᠯᠭ᠎ᠠ᠂ ᠨᠢᠭᠡᠴᠡ ᠨᠦᠭᠦᠳ ᠲᠦ ᠰᠢᠨ᠎ᠡ ᠪᠡᠷ ᠴᠠᠬᠢᠮ ᠦᠢᠯᠡᠴᠢᠯᠡᠭᠡ ᠨᠡᠪᠲᠡᠷᠡᠭᠦᠯᠬᠦ ᠳᠦ ᠲᠦᠩᠰᠢᠯᠡᠵᠦ ᠠᠵᠢᠯᠯᠠᠳᠠᠭ ᠪᠠᠶᠢᠨ᠎ᠠ᠃
