ᠼᠠ᠊ ᠬᠥ᠊ ᠬᠠ᠊ ᠬᠣ᠊-᠊ᠤ ᠶᠠᠮᠤ ᠪᠣᠯᠤᠨ ᠮᠡᠳᠡᠭᠡᠯᠡᠯ ᠤᠨ ᠲᠧᠭᠨᠣᠯᠣᠭᠢ᠂ ᠬᠠᠷᠢᠯᠴᠠᠭ᠎ᠠ ᠬᠣᠯᠪᠣᠭᠠᠨ ᠊ᠤ ᠪᠢᠽᠢᠨ᠋ᠧᠰ ᠡᠷᠬᠢᠯᠡᠭᠴᠢᠳ ᠤᠨ ᠲᠥᠯᠥᠭᠡᠯᠡᠯ ᠠᠮᠧᠷᠢᠺᠠ ᠊ᠢᠢᠨ ᠨᠢᠭᠡᠳᠦᠭᠰᠡᠨ ᠤᠯᠤᠰ ᠤᠨ ᠵᠠᠰᠠᠭ ᠤᠨ ᠭᠠᠵᠠᠷ ᠤᠨ ᠪᠡᠶ᠎ᠡ ᠳᠠᠭᠠᠭᠰᠠᠨ ᠠᠭᠧᠨᠲᠯᠢᠭ ᠪᠣᠯᠬᠤ ᠶᠡᠷᠦᠩᠬᠡᠢ ᠦᠢᠯᠡᠴᠢᠯᠡᠭᠡᠨ ᠊ᠤ ᠵᠠᠬᠢᠷᠭ᠎ᠠ /GSA/ ᠍ ᠊ᠤ ᠤᠳᠤᠷᠢᠳᠤᠯᠭ᠎ᠠ ᠨᠤᠭᠤᠳ ᠲᠠᠢ ᠠᠭᠤᠯᠵᠠᠯ᠎ᠠ᠃

ᠠᠭᠤᠯᠵᠠᠯᠲᠠ ᠊ᠢᠢᠨ ᠦᠶ᠎ᠡ ᠪᠡᠷ ᠲᠥᠷᠦ ᠊ᠢᠢᠨ ᠮᠡᠳᠡᠭᠡᠯᠡᠯ ᠤᠨ ᠲᠧᠭᠨᠣᠯᠣᠭᠢ᠂ ᠫᠷᠣᠭᠷᠠᠮ ᠬᠠᠩᠭᠠᠮᠵᠢ ᠊ᠢᠢᠨ ᠪᠦᠲᠦᠭᠡᠭᠳᠡᠬᠦᠨ ᠊ᠤ ᠰᠣᠩᠭᠣᠨ ᠰᠢᠯᠭᠠᠷᠠᠭᠤᠯᠤᠯᠲᠠ᠂ ᠬᠤᠳᠠᠯᠳᠤᠨ ᠠᠪᠤᠯᠲᠠ ᠊ᠢᠢ ᠠᠮᠧᠷᠢᠺᠠ ᠊ᠢᠢᠨ ᠨᠢᠭᠡᠳᠦᠭᠰᠡᠨ ᠤᠯᠤᠰ ᠲᠤ ᠬᠡᠷᠬᠢᠨ ᠵᠣᠬᠢᠶᠠᠨ ᠪᠠᠶᠢᠭᠤᠯᠳᠠᠭ ᠲᠠᠯ᠎ᠠ ᠪᠠᠷ ᠨᠡᠭᠡᠭᠡᠯᠲᠡᠲᠡᠢ ᠶᠠᠷᠢᠯᠴᠠᠵᠤ᠂ ᠲᠤᠷᠰᠢᠯᠭ᠎ᠠ ᠰᠣᠯᠢᠯᠴᠠᠪᠠ᠃

GSA ᠨᠢ ᠠᠮᠧᠷᠢᠺᠠ ᠊ᠢᠢᠨ ᠨᠢᠭᠡᠳᠦᠭᠰᠡᠨ ᠤᠯᠤᠰ ᠤᠨ ᠲᠥᠷᠥ ᠊ᠢᠢᠨ ᠪᠠᠶᠢᠭᠤᠯᠤᠯᠭ᠎ᠠ ᠨᠤᠭᠤᠳ ᠲᠤ ᠪᠦᠲᠦᠭᠡᠭᠳᠡᠬᠦᠨ᠂ ᠦᠢᠯᠡᠴᠢᠯᠡᠭᠡ ᠨᠡᠶᠢᠯᠡᠭᠦᠯᠬᠦ᠂ ᠬᠠᠷᠢᠯᠴᠠᠭ᠎ᠠ ᠬᠣᠯᠪᠣᠭ᠎ᠠ ᠪᠠᠷ ᠬᠠᠩᠭᠠᠨ ᠨᠡᠶᠢᠯᠡᠭᠦᠯᠵᠦ᠂ ᠬᠣᠯᠪᠣᠭᠠᠨ ᠊ᠤ ᠠᠵᠢᠯᠴᠢᠳ ᠊ᠢ ᠲᠡᠭᠡᠭᠡᠪᠦᠷᠢ᠂ ᠣᠹᠹᠢᠰ ᠤᠨ ᠣᠷᠣᠨ ᠵᠠᠢ ᠪᠠᠷ ᠬᠠᠩᠭᠠᠵᠤ᠂ ᠵᠠᠰᠠᠭ ᠤᠨ ᠭᠠᠵᠠᠷ ᠤᠨ ᠬᠡᠮᠵᠢᠶᠡᠨ ᠊ᠳᠦ ᠵᠠᠷᠤᠳᠠᠯ ᠢ ᠪᠠᠭᠤᠷᠠᠭᠤᠯᠬᠤ ᠪᠣᠳᠣᠯᠭ᠎ᠠ ᠪᠣᠯᠤᠨ ᠤᠳᠤᠷᠢᠳᠤᠯᠭ᠎ᠠ ᠊ᠢᠢᠨ ᠪᠤᠰᠤᠳ ᠠᠵᠢᠯ ᠤᠳ ᠢ ᠪᠣᠯᠪᠠᠰᠤᠷᠠᠭᠤᠯᠳᠠᠭ ᠶᠤᠮ᠃

ᠠᠮᠧᠷᠢᠺᠠ ᠊ᠢᠢᠨ ᠨᠢᠭᠡᠳᠦᠭᠰᠡᠨ ᠤᠯᠤᠰ ᠤᠨ ᠶᠡᠷᠦᠩᠬᠡᠢ ᠦᠢᠯᠡᠴᠢᠯᠡᠭᠡᠨ ᠊ᠤ ᠵᠠᠬᠢᠷᠭᠠᠨ ᠊ᠤ ᠵᠦᠭ ᠡᠴᠡ ᠦᠢᠯᠡ ᠠᠵᠢᠯᠯᠠᠭᠠᠨ ᠊ᠤ ᠪᠠᠨ ᠲᠠᠯ᠎ᠠ ᠪᠠᠷ ᠳᠡᠯᠭᠡᠷᠡᠩᠭᠦᠢ ᠲᠠᠨᠢᠯᠴᠠᠭᠤᠯᠵᠤ᠂ ᠳᠡᠭᠡᠷᠡᠬᠢ ᠴᠢᠭᠯᠡᠯ ᠤᠳ ᠤᠨ ᠬᠦᠷᠢᠶᠡᠨ ᠊ᠳᠦ ᠴᠢᠨᠠᠭᠰᠢᠳᠠ ᠬᠠᠮᠲᠤᠷᠠᠨ ᠠᠵᠢᠯᠯᠠᠬᠤ ᠪᠣᠯᠤᠮᠵᠢ ᠲᠠᠢ ᠲᠤᠬᠠᠢ ᠊ᠢᠢ ᠪᠠᠨ ᠢᠯᠡᠷᠬᠡᠶᠢᠯᠡᠯ᠎ᠡ᠃