ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ᠄ ᠲᠥᠷᠦ ᠪᠣᠯ ᠨᠢᠭᠡ᠃ ᠨᠢᠭᠡᠳᠴᠦ᠂ ᠤᠶᠠᠯᠳᠤᠭ᠎ᠠ ᠬᠣᠯᠪᠣᠭᠠᠲᠠᠢ ᠠᠵᠢᠯᠯᠠᠭᠰᠠᠨ ᠢᠶᠠᠷ ᠨᠢᠭᠡᠳᠦᠭᠰᠡᠨ ᠦᠷ᠎ᠡ ᠳᠦᠩ ᠳᠦ ᠬᠦᠷᠬᠦ ᠤᠴᠢᠷᠲᠠᠢ᠃ ᠥᠨᠥᠳᠥᠷ ᠴᠠᠬᠢᠮ ᠰᠢᠯᠵᠢᠯᠲᠡ ᠳᠦ ᠲᠤᠯᠭᠠᠮᠳᠠᠵᠤ ᠪᠤᠢ ᠠᠰᠠᠭᠤᠳᠠᠯ ᠤᠳ ᠢ ᠬᠠᠮᠲᠤᠷᠠᠨ ᠰᠢᠢᠳᠴᠦ᠂ ᠰᠢᠰᠲ᠋ᠧᠮ᠂ ᠳᠡᠳ᠋ ᠪᠦᠲᠦᠴᠡ ᠪᠡᠨ ᠬᠠᠷᠢᠯᠴᠠᠨ ᠤᠶᠠᠯᠳᠤᠭᠠᠲᠠᠢ ᠪᠠᠷ ᠬᠥᠭᠵᠢᠭᠦᠯᠦᠨ᠎ᠡ


ᠲᠥᠷᠥ ᠶᠢᠨ ᠦᠢᠯᠡ ᠠᠵᠢᠯᠯᠠᠭ᠎ᠠ ᠶᠢ ᠴᠠᠬᠢᠮᠵᠢᠭᠤᠯᠬᠤ᠂ ᠰᠠᠯᠪᠤᠷᠢ ᠨᠤᠭᠤᠳ ᠤᠨ ᠴᠠᠬᠢᠮ ᠰᠢᠯᠵᠢᠯᠲᠡ ᠶᠢ ᠡᠷᠴᠢᠮᠵᠢᠭᠦᠯᠬᠦ᠂ ᠴᠠᠬᠢᠮ ᠪᠠᠭᠴᠠ ᠬᠠᠤᠯᠢ ᠶᠢᠨ ᠬᠡᠷᠡᠭᠵᠢᠯᠲᠡ ᠶᠢ ᠬᠠᠩᠭᠠᠬᠤ ᠳᠤ ᠲᠥᠷᠥ ᠶᠢᠨ ᠪᠠᠶᠢᠭᠤᠯᠤᠯᠭ᠎ᠠ ᠨᠤᠭᠤᠳ ᠤᠨ ᠤᠶᠠᠯᠳᠤᠭ᠎ᠠ ᠬᠣᠯᠪᠣᠭ᠎ᠠ᠂ ᠬᠠᠮᠲᠤ ᠶᠢᠨ ᠠᠵᠢᠯᠯᠠᠭ᠎ᠠ ᠶᠢ ᠰᠠᠶᠢᠵᠢᠷᠠᠭᠤᠯᠵᠤ᠂ ᠲᠦᠩᠰᠢᠯᠡᠯ ᠢ ᠪᠡᠬᠢᠵᠢᠭᠦᠯᠬᠦ ᠵᠣᠷᠢᠯᠭ᠎ᠠ ᠪᠦᠬᠦᠢ 《ᠴᠠᠬᠢᠮ ᠰᠢᠯᠵᠢᠯᠲᠡ ᠶᠢ ᠬᠡᠷᠡᠭᠵᠢᠭᠦᠯᠬᠦ ᠳᠦ ᠲᠥᠷᠥ ᠶᠢᠨ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ》 ᠵᠥᠪᠯᠡᠯᠳᠦᠬᠦ ᠠᠭᠤᠯᠵᠠᠯᠲᠠ ᠶᠢ ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ ᠤᠨ ᠰᠠᠨᠠᠭᠠᠴᠢᠯᠠᠭ᠎ᠠ ᠪᠠᠷ ᠥᠨᠥᠳᠥᠷ (2022.11.05) ᠵᠣᠬᠢᠶᠠᠨ ᠪᠠᠶᠢᠭᠤᠯᠵᠤ ᠪᠠᠶᠢᠨ᠎ᠠ᠃

ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ ᠠᠷᠭ᠎ᠠ ᠬᠡᠮᠵᠢᠶ᠎ᠡ ᠶᠢ ᠨᠡᠭᠡᠭᠡᠵᠦ ᠲᠠᠨᠢᠯᠴᠠᠭᠤᠯᠤᠭᠰᠠᠨ ᠢᠯᠡᠳᠬᠡᠯ ᠳᠦ ᠪᠡᠨ᠄ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠭᠣᠣᠯ ᠣᠨᠴᠠᠯᠢᠭ ᠪᠣᠯ ᠰᠠᠯᠪᠤᠷᠢ ᠳᠤᠮᠳᠠ ᠶᠢᠨ ᠤᠶᠠᠯᠳᠤᠭ᠎ᠠ ᠶᠢ ᠬᠠᠩᠭᠠᠬᠤ᠂ ᠮᠡᠳᠡᠭᠡᠯᠡᠯ ᠦᠨ ᠲᠧᠭᠨᠣᠯᠣᠭᠢ ᠶᠢᠨ ᠳᠡᠪᠰᠢᠯ ᠢ ᠰᠠᠯᠪᠤᠷᠢ ᠪᠦᠷᠢ ᠳᠦ ᠨᠡᠪᠲᠡᠷᠡᠭᠦᠯᠬᠦ ᠳᠦ ᠳᠡᠮᠵᠢᠯᠭᠡ ᠦᠵᠡᠭᠦᠯᠬᠦ ᠳᠦ ᠴᠢᠭᠯᠡᠳᠡᠭ᠃ ᠮᠢᠨᠤ ᠬᠤᠪᠢ ᠳᠤ ᠴᠠᠬᠢᠮ ᠬᠥᠭᠵᠢᠯ ᠦᠨ ᠠᠰᠠᠭᠤᠳᠠᠯ ᠢ ᠡᠷᠬᠢᠯᠡᠭᠰᠡᠨ ᠬᠦᠨᠳᠦ ᠰᠤᠷᠲᠠᠯ ᠤᠨ ᠡᠰᠡᠷᠡᠭ ᠰᠠᠶᠢᠳ ᠭᠡᠵᠦ ᠥᠪᠡᠷ ᠢ ᠪᠡᠨ ᠣᠶᠢᠯᠠᠭᠠᠵᠤ ᠪᠠᠶᠢᠭ᠎ᠠ᠃ ᠴᠠᠬᠢᠮ ᠰᠢᠯᠵᠢᠯᠲᠡ ᠶᠢ ᠠᠮᠵᠢᠯᠲᠠ ᠲᠠᠢ ᠬᠡᠷᠡᠭᠵᠢᠭᠦᠯᠬᠦ ᠶᠢᠨ ᠲᠤᠯᠠᠳᠠ ᠲᠥᠷᠦ ᠶᠢᠨ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ᠂ ᠦᠢᠯᠡ ᠠᠵᠢᠯᠯᠠᠭᠠᠨ ᠤ ᠤᠶᠠᠯᠳᠤᠭ᠎ᠠ ᠬᠣᠯᠪᠣᠭ᠎ᠠ ᠬᠠᠮᠤᠭ ᠤᠨ ᠴᠢᠬᠤᠯᠠ᠃ ᠴᠠᠬᠢᠮ ᠰᠢᠯᠵᠢᠯᠲᠡ ᠶᠢ ᠳᠡᠮᠵᠢᠭᠰᠡᠨ ᠪᠠᠭᠴᠠ ᠬᠠᠤᠯᠢ ᠨᠤᠭᠤᠳ ᠪᠠᠲᠤᠯᠠᠭᠳᠠᠭᠰᠠᠨ᠃ ᠬᠠᠤᠯᠢ ᠶᠢᠨ ᠬᠡᠷᠡᠭᠵᠢᠯᠲᠡ ᠶᠢ ᠬᠠᠩᠭᠠᠬᠤ ᠳᠤ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ ᠱᠠᠭᠠᠷᠳᠠᠯᠭ᠎ᠠ ᠲᠠᠢ ᠪᠠᠶᠢᠨ᠎ᠠ᠃

ᠰᠠᠯᠪᠠᠷ ᠤᠳ ᠲᠤ ᠠᠰᠢᠭᠯᠠᠭᠳᠠᠵᠤ ᠪᠤᠢ ᠮᠡᠳᠡᠭᠡᠯᠡᠯ ᠦᠨ ᠰᠢᠰᠲ᠋ᠧᠮ ᠦᠳ ᠬᠣᠭᠣᠷᠣᠨᠳᠣ ᠪᠠᠨ ᠲᠣᠬᠢᠷᠠᠵᠤ ᠤᠭᠰᠠᠷᠠᠭᠳᠠᠳᠠᠭ ᠦᠭᠡᠢ᠂ ᠨᠢᠭᠡᠳᠦᠭᠰᠡᠨ ᠱᠠᠭᠠᠷᠳᠠᠯᠭ᠎ᠠ᠂ ᠰᠲ᠋ᠠᠨᠳᠠᠷᠲ ᠪᠠᠶᠢᠬᠤ ᠦᠭᠡᠢ᠂ ᠣᠶᠢᠯᠠᠭᠠᠯᠲᠠ ᠶᠢᠨ ᠵᠥᠷᠢᠭᠦᠦ ᠶᠡᠬᠡ᠂ ᠬᠠᠮᠲᠤ ᠶᠢᠨ ᠠᠵᠢᠯᠯᠠᠭ᠎ᠠ ᠪᠠᠨ ᠬᠠᠩᠭᠠᠯᠲᠠ ᠦᠭᠡᠢ᠂ ᠬᠠᠤᠯᠢ ᠠᠴᠠ ᠳᠠᠪᠠᠭᠰᠠᠨ ᠳᠦᠷᠢᠮ᠂ ᠵᠢᠷᠤᠮ ᠤᠳ ᠬᠡᠷᠡᠭᠵᠢᠭᠰᠡᠭᠡᠷ ᠪᠠᠶᠢᠭ᠎ᠠ ᠨᠢ ᠴᠠᠬᠢᠮ ᠰᠢᠯᠵᠢᠯᠲᠡ ᠶᠢ ᠤᠳᠠᠭᠠᠰᠢᠷᠠᠭᠤᠯᠵᠤ ᠪᠠᠶᠢᠨ᠎ᠠ᠃ ᠡᠶᠢᠮᠦ ᠳᠦ᠄
📍ᠳᠦᠷᠢᠮ᠂ ᠵᠢᠷᠤᠮ ᠤᠨ ᠰᠠᠭᠠᠳ ᠲᠡᠭᠡᠭ ᠢ ᠠᠷᠢᠯᠭᠠᠬᠤ
📍ᠰᠠᠯᠪᠠᠷ ᠤᠳ ᠤᠨ ᠴᠠᠬᠢᠮ ᠰᠢᠯᠵᠢᠯᠲᠡ ᠳᠦ ᠲᠤᠯᠭᠠᠮᠳᠠᠵᠤ ᠪᠤᠢ ᠠᠰᠠᠭᠤᠳᠠᠯ ᠤᠳ ᠢ ᠬᠠᠮᠲᠤᠷᠠᠨ ᠰᠢ ᠳᠦ ᠬᠢ
📍ᠰᠢᠰᠲ᠋ᠧᠮ᠂ ᠳᠡᠳ᠋ ᠪᠦᠲᠦᠴᠡ ᠪᠡᠨ ᠬᠠᠷᠢᠯᠴᠠᠨ ᠤᠶᠠᠯᠳᠤᠭ᠎ᠠ ᠲᠠᠢ ᠪᠠᠷ ᠬᠥᠭᠵᠢᠭᠦᠯᠬᠦ
📍ᠦᠨᠳᠦᠰᠦᠨ ᠦ ᠺᠯᠠᠦ᠋ᠳ ᠳᠡᠳ᠋ ᠪᠦᠲᠦᠴᠡ ᠶᠢ ᠪᠤᠢ ᠪᠣᠯᠭᠠᠬᠤ
📍ᠲᠥᠷᠦ ᠶᠢᠨ ᠪᠠᠶᠢᠭᠤᠯᠤᠯᠭ᠎ᠠ ᠨᠤᠭᠤᠳ ᠤᠨ ERP ᠠᠰᠢᠭᠯᠠᠯᠲᠠ ᠶᠢ ᠰᠠᠶᠢᠵᠢᠷᠠᠭᠤᠯᠬᠤ᠂ ᠠᠯᠪᠠᠨ ᠪᠢᠴᠢᠭ ᠰᠣᠯᠢᠯᠴᠠᠭᠠᠨ ᠤ ᠳᠤᠮᠳᠠ ᠶᠢᠨ ᠰᠢᠰᠲ᠋ᠧᠮ ᠨᠡᠪᠲᠡᠷᠡᠭᠦᠯᠬᠦ
📍ᠲᠥᠷᠥ ᠶᠢᠨ ᠦᠢᠯᠡᠴᠢᠯᠡᠭᠡ ᠶᠢ ᠣᠫᠧᠷᠠᠲ᠋ᠣᠷ ᠤᠨ ᠭᠣᠷᠢᠮ ᠳᠤ ᠰᠢᠯᠵᠢᠭᠦᠯᠵᠦ᠂ ᠮᠧᠨᠧᠵᠮᠧᠨᠲ ᠦᠨ ᠰᠢᠨᠡᠴᠢᠯᠡᠯ ᠬᠢᠬᠦ
📍ᠲᠥᠷᠦ ᠶᠢᠨ ᠠᠯᠪᠠᠨ ᠳᠤ ᠮᠡᠳᠡᠭᠡᠯᠡᠯ ᠦᠨ ᠲᠧᠭᠨᠣᠯᠣᠭᠢ ᠶᠢᠨ ᠴᠢᠭᠯᠡᠯ ᠦᠨ ᠴᠢᠳᠠᠪᠤᠷᠢᠯᠢᠭ ᠬᠦᠮᠦᠨ ᠦ ᠨᠥᠭᠡᠴᠡ ᠲᠣᠭᠲᠠᠪᠤᠷᠢᠲᠠᠢ ᠠᠵᠢᠯᠯᠠᠬᠤ ᠪᠣᠯᠤᠮᠵᠢ ᠶᠢ ᠪᠤᠢ ᠪᠣᠯᠭᠠᠬᠤ
📍ᠤᠬᠠᠭᠠᠯᠢᠭ ᠠᠶᠢᠮᠠᠭ᠂ ᠬᠣᠲᠠ ᠶᠢᠨ ᠰᠲ᠋ᠠᠨᠳᠠᠷᠲ ᠢ ᠨᠡᠪᠲᠡᠷᠡᠭᠦᠯᠬᠦ ᠳᠦ ᠲᠥᠷᠥ ᠶᠢᠨ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠪᠠᠨ᠂ ᠤᠶᠠᠯᠳᠤᠭ᠎ᠠ ᠬᠣᠯᠪᠣᠭ᠎ᠠ᠂ ᠦᠢᠯᠡ ᠠᠵᠢᠯᠯᠠᠭᠠᠨ ᠤ ᠫᠷᠣᠼᠧᠰᠰ ᠤᠨ ᠰᠢᠨᠡᠴᠢᠯᠡᠯ ᠨᠡᠩ ᠴᠢᠬᠤᠯᠠ ᠶᠢ ᠣᠨᠴᠠᠯᠠᠭᠰᠠᠨ ᠶᠤᠮ᠃

ᠠᠷᠭ᠎ᠠ ᠬᠡᠮᠵᠢᠶᠡᠨ ᠳᠦ ᠪᠦᠬᠦ ᠶᠠᠮᠤ ᠳᠤ ᠪᠣᠯᠤᠨ ᠲᠥᠷᠥ ᠶᠢᠨ 70 ᠣᠷᠴᠢᠮ ᠪᠠᠶᠢᠭᠤᠯᠤᠯᠭ᠎ᠠ ᠶᠢᠨ ᠤᠳᠤᠷᠢᠳᠤᠯᠭ᠎ᠠ ᠨᠤᠭᠤᠳ ᠣᠷᠣᠯᠴᠠᠵᠤ᠂ ᠰᠠᠯᠪᠤᠷᠢ ᠪᠦᠷᠢ ᠳᠦ ᠬᠢᠭᠳᠡᠵᠦ ᠪᠤᠢ ᠴᠠᠬᠢᠮ ᠰᠢᠯᠵᠢᠯᠲᠡ ᠶᠢᠨ ᠪᠣᠳᠣᠯᠭ᠎ᠠ᠂ ᠲᠥᠯᠦᠪᠯᠡᠭᠡᠨ ᠦ ᠬᠡᠷᠡᠭᠵᠢᠯᠲᠡ᠂ ᠥᠨᠥ ᠶᠢᠨ ᠪᠠᠶᠢᠳᠠᠯ᠂ ᠲᠤᠯᠭᠠᠮᠳᠠᠵᠤ ᠪᠤᠢ ᠠᠰᠠᠭᠤᠳᠠᠯ ᠤᠳ ᠤᠨ ᠲᠠᠯ᠎ᠠ ᠪᠠᠷ ᠢᠯᠡᠳᠬᠡᠯ᠂ ᠲᠠᠨᠢᠯᠴᠠᠭᠤᠯᠭ᠎ᠠ ᠬᠢᠵᠦ᠂ ᠬᠡᠯᠡᠯᠴᠡᠭᠦᠯᠭᠡ ᠥᠷᠨᠢᠭᠦᠯᠦᠨ᠂ ᠮᠡᠳᠡᠭᠡᠯᠡᠯ ᠰᠣᠯᠢᠯᠴᠠᠯ᠎ᠠ᠃

ᠴᠠ᠊ ᠬᠥ᠊ ᠬᠠ᠊ ᠬᠣᠯ᠊ ᠶᠠ᠊ ᠨᠢ ᠪᠤᠰᠤᠳ ᠶᠠᠮᠤ ᠳᠤ ᠪᠣᠯᠬᠤ ᠪᠠᠷᠢᠯᠭ᠎ᠠ᠂ ᠬᠣᠲᠠ ᠪᠠᠶᠢᠭᠤᠯᠤᠯᠲᠠ ᠶᠢᠨ ᠶᠠᠮᠤ ᠲᠠᠢ ᠬᠠᠮᠲᠤᠷᠠᠨ ᠬᠠᠶ᠋ᠢᠭᠵᠢᠯᠲᠠ ᠶᠢᠨ ᠠᠰᠠᠭᠤᠳᠠᠯ ᠢ ᠴᠡᠭᠴᠡᠯᠡᠬᠦ᠂ ᠮᠡᠳᠡᠭᠡᠯᠡᠯ ᠦᠨ ᠲᠧᠭᠨᠣᠯᠣᠭᠢ ᠶᠢᠨ ᠲᠤᠰᠬᠠᠢ ᠪᠥᠰᠡ ᠪᠠᠶᠢᠭᠤᠯᠬᠤ᠂ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤ ᠲᠠᠢ ᠬᠠᠮᠲᠤᠷᠠᠨ 169 ᠬᠠᠤᠯᠢ ᠶᠢᠨ ᠳᠠᠪᠬᠤᠷᠳᠠᠯ ᠢ ᠠᠷᠢᠯᠭᠠᠬᠤ᠂ ᠳᠦᠷᠢᠮ᠂ ᠵᠢᠷᠤᠮ ᠤᠨ ᠲᠦᠭᠵᠢᠭᠡ ᠶᠢ ᠠᠷᠢᠯᠭᠠᠬᠤ ᠪᠠᠭᠴᠠ ᠬᠠᠤᠯᠢ ᠶᠢ ᠥᠷᠭᠡᠨ ᠪᠠᠷᠢᠬᠤ᠂ ᠡᠷᠡᠭᠦᠯ ᠮᠡᠨᠳᠦ ᠶᠢᠨ ᠶᠠᠮᠤ ᠲᠠᠢ ᠬᠠᠮᠲᠤᠷᠠᠨ ᠡᠮ ᠦᠨ ᠴᠠᠬᠢᠮ ᠪᠦᠷᠢᠳᠬᠡᠯ ᠦᠨ ᠰᠢᠰᠲ᠋ᠧᠮ ᠨᠡᠪᠲᠡᠷᠡᠭᠦᠯᠬᠦ᠂ ЭЗХЯ ᠍ ᠲᠠᠢ ᠬᠠᠮᠲᠤᠷᠠᠨ E-Business ᠰᠢᠰᠲ᠋ᠧᠮ ᠢ ᠨᠡᠪᠲᠡᠷᠡᠭᠦᠯᠬᠦ᠂ ᠰᠢᠳᠠᠷ ᠰᠠᠶᠢᠳ ᠲᠠᠢ ᠬᠠᠮᠲᠤᠷᠠᠨ ᠲᠥᠷᠥ ᠶᠢᠨ ᠦᠢᠯᠡᠴᠢᠯᠡᠭᠡᠨ ᠦ ᠨᠢᠭᠡᠳᠦᠭᠰᠡᠨ ᠰᠲ᠋ᠠᠨᠳᠠᠷᠲ ᠢ ᠪᠣᠯᠪᠠᠰᠤᠷᠠᠭᠤᠯᠵᠤ᠂ ᠪᠠᠲᠤᠯᠠᠬᠤ ᠵᠡᠷᠭᠡ ᠠᠵᠢᠯ ᠤᠳ ᠢ ᠬᠡᠷᠡᠭᠵᠢᠭᠦᠯᠬᠦ ᠪᠡᠷ ᠬᠠᠮᠲᠤᠷᠠᠨ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄