《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢ ᠬᠡᠷᠡᠭᠵᠢᠭᠦᠯᠬᠦ ᠠᠵᠢᠯ ᠤᠨ ᠬᠡᠰᠡᠭ ᠠᠷᠤᠬᠠᠩᠭᠠᠢ ᠠᠶᠢᠮᠠᠭ ᠲᠤ ᠠᠵᠢᠯᠯᠠᠵᠤ ᠪᠠᠶᠢᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠤᠨ ᠵᠥᠪᠯᠡᠬᠦ ᠪ ∙ ᠭᠠᠩᠪᠠᠲᠤ ᠊ᠢᠢᠨ ᠠᠬᠠᠯᠠᠭᠰᠠᠨ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠣᠯᠤᠨ ᠲᠥᠷᠦ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠭᠠᠵᠠᠷ ᠤᠨ ᠠᠵᠢᠯ ᠤᠨ ᠬᠡᠰᠡᠭ ᠠᠷᠤᠬᠠᠩᠭᠠᠢ ᠠᠶᠢᠮᠠᠭ ᠲᠤ ᠠᠵᠢᠯᠯᠠᠵᠤ ᠪᠠᠶᠢᠨ᠎ᠠ᠃

ᠼᠠ᠊ ᠬᠥ᠊ ᠬᠠ᠊ ᠬᠣ᠊ ᠶᠠ᠊-᠊ᠤ ᠪᠣᠳᠣᠯᠭ᠎ᠠ ᠦᠢᠯᠡ ᠠᠵᠢᠯᠯᠠᠭ᠎ᠠ ᠊ᠢᠢ ᠰᠤᠷᠲᠠᠯᠴᠢᠯᠠᠬᠤ᠂ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢ ᠬᠡᠷᠡᠭᠵᠢᠭᠦᠯᠬᠦ ᠳᠦ ᠪᠣᠳᠣᠯᠭ᠎ᠠ ᠊ᠢᠢᠨ ᠳᠡᠮᠵᠢᠯᠡᠬᠦ ᠦᠵᠡᠭᠦᠯᠬᠦ᠂ ᠲᠥᠷᠦ ᠊ᠢᠢᠨ ᠠᠯᠪᠠᠨ ᠬᠠᠭᠠᠭᠴᠢᠳ ᠲᠤ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠬᠤ ᠥᠨᠥᠳᠥᠷ ᠤᠨ /᠒᠐᠒᠓.᠐᠙.᠑᠑/ ᠦᠢᠯᠡ ᠠᠵᠢᠯᠯᠠᠭ᠎ᠠ ᠊ᠢᠢ ᠲᠤᠰ ᠠᠶᠢᠮᠠᠭ ᠤᠨ ᠵᠠᠰᠠᠭ ᠳᠠᠷᠤᠭ᠎ᠠ ᠊ᠢᠢᠨ ᠣᠷᠣᠯᠠᠭᠴᠢ ᠪ ∙ ᠰᠠᠨᠵᠢᠮᠢᠲᠠᠪᠠ ᠨᠡᠭᠡᠭᠡᠯ᠎ᠡ᠃

ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠤᠨ ᠵᠥᠪᠯᠡᠬᠦ ᠪ ∙ ᠭᠠᠩᠪᠠᠲᠤ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠊ᠤ ᠪᠣᠳᠣᠯᠭ᠎ᠠ᠂ ᠠᠵᠢᠯ ᠤᠨ ᠬᠡᠷᠡᠭᠵᠢᠯᠲᠡ ᠊ᠢᠢ ᠲᠠᠨᠢᠯᠴᠠᠭᠤᠯᠵᠤ᠂ ᠼᠠ᠊ ᠬᠥ᠊ ᠬᠠ᠊ ᠬᠣ᠊ ᠶᠠ᠊-᠊ᠤ ᠨᠡᠶᠢᠲᠡ ᠊ᠢᠢᠨ ᠮᠡᠳᠡᠭᠡᠯᠡᠯ ᠤᠨ ᠳᠡᠳ᠋ ᠪᠦᠲᠦᠴᠡ ᠊ᠢᠢᠨ ᠬᠡᠯᠲᠡᠰ ᠤᠨ ᠳᠠᠷᠤᠭ᠎ᠠ ᠳ ∙ ᠪᠠᠲᠤᠪᠠᠶᠠᠷ 《ᠴᠠᠬᠢᠮ ᠠᠶᠢᠮᠠᠭ ᠪᠣᠳᠣᠯᠭ᠎ᠠ ᠊ᠢᠢᠨ ᠵᠥᠪᠯᠡᠮᠵᠢ》 ᠍ ᠤᠨ ᠲᠠᠯ᠎ᠠ ᠪᠠᠷ ᠮᠡᠳᠡᠭᠡᠯᠡᠯ ᠦᠭᠪᠡ᠃

ᠮᠥᠨ ᠠᠷᠤᠬᠠᠩᠭᠠᠢ ᠠᠶᠢᠮᠠᠭ ᠳᠠᠬᠢ ᠲᠥᠷᠥ ᠊ᠢᠢᠨ ᠴᠠᠬᠢᠮ ᠦᠢᠯᠡᠴᠢᠯᠡᠭᠡᠨ ᠊ᠤ ᠬᠡᠯᠲᠡᠰ ᠤᠨ ᠳᠠᠷᠤᠭ᠎ᠠ ᠪ ∙ ᠵᠠᠮᠰᠠᠷᠠᠨᠳᠣᠷᠵᠢ ᠠᠷᠤᠬᠠᠩᠭᠠᠢ ᠠᠶᠢᠮᠠᠭ ᠤᠨ ᠴᠠᠬᠢᠮ ᠰᠢᠯᠵᠢᠯᠲᠡ ᠊ᠢᠢᠨ ᠴᠢᠭᠯᠡᠯ ᠊ᠢᠢᠡᠷ ᠬᠡᠷᠡᠭᠵᠢᠭᠦᠯᠦᠭᠰᠡᠨ ᠠᠷᠭ᠎ᠠ ᠬᠡᠮᠵᠢᠶᠡᠨ ᠊ᠤ ᠲᠠᠯ᠎ᠠ ᠪᠠᠷ ᠲᠠᠨᠢᠯᠴᠠᠭᠤᠯᠵᠤ᠂ ᠍ᠲᠥ᠊ ᠼᠠ᠊ ᠦ᠊ ᠽᠣ᠊ ᠭᠠ᠊ - ᠤᠨ ᠰᠤᠷᠭᠠᠯᠲᠠ ᠬᠥᠭᠵᠢᠯ ᠤᠨ ᠠᠬᠠᠯᠠᠬᠤ ᠮᠡᠷᠭᠡᠵᠢᠯᠲᠡᠨ ᠵ ∙ ᠬᠦᠷᠢᠯᠴᠢᠮᠡᠭ ᠲᠤᠰ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢᠳ ᠲᠤ 《ᠴᠠᠬᠢᠮ ᠰᠢᠯᠵᠢᠯᠲᠡ ᠶᠢ ᠦᠨᠡᠯᠡᠬᠦ ᠰᠢᠯᠭᠠᠭᠤᠷ ᠦᠵᠡᠭᠦᠯᠦᠯᠲᠡ᠂ ᠠᠷᠭ᠎ᠠ ᠵᠦᠢ》 ᠍ ᠤᠨ ᠲᠠᠯ᠎ᠠ ᠪᠠᠷ ᠰᠤᠷᠭᠠᠯᠲᠠ ᠊ᠢᠢ ᠵᠣᠬᠢᠶᠠᠨ ᠪᠠᠶᠢᠭᠤᠯᠤᠯ᠎ᠠ᠃

ᠠᠷᠤᠬᠠᠩᠭᠠᠢ ᠠᠶᠢᠮᠠᠭ ᠤᠨ ᠬᠡᠮᠵᠢᠶᠡᠨ ᠊ᠳᠦ ᠳᠥᠷᠪᠡᠨ ᠪᠠᠶᠢᠷᠢᠰᠢᠯ ᠊ᠳᠤ 《ᠬᠤᠷᠳᠤᠨ》 ᠴᠡᠭ ᠠᠵᠢᠯᠯᠠᠵᠤ ᠪᠠᠶᠢᠭ᠎ᠠ ᠪᠥᠭᠡᠳ ᠲᠤᠰ ᠠᠶᠢᠮᠠᠭ ᠨᠢ ᠑᠙ ᠰᠤᠮᠤ ᠊ᠢᠢᠨ ᠨᠡᠶᠢᠲᠡ ᠑᠐᠑ ᠪᠠᠭ ᠲᠠᠢ᠃ ᠨᠤᠲᠤᠭ ᠳᠡᠪᠢᠰᠬᠡᠷ ᠊ᠢᠢᠡᠷ ᠲᠣᠭᠠᠴᠠᠪᠠᠯ ᠓᠒ ᠬᠤᠪᠢ ᠨᠢ ᠥᠨᠳᠦᠷ ᠬᠤᠷᠳᠤᠨ ᠊ᠤ ᠔G ᠰᠦᠯᠵᠢᠶᠡᠨ ᠊ᠳᠦ ᠬᠣᠯᠪᠣᠭᠳᠠᠭᠰᠠᠨ ᠪᠣᠯ ᠓᠕ ᠬᠤᠪᠢ ᠨᠢ ᠣᠭᠲᠣ ᠰᠦᠯᠵᠢᠭᠡ ᠦᠭᠡᠢ ᠭᠡᠰᠡᠨ ᠰᠤᠳᠤᠯᠭ᠎ᠠ ᠭᠠᠷᠤᠭᠰᠠᠨ ᠪᠠᠶᠢᠨ᠎ᠠ᠃

ᠮᠥᠨ ᠑᠘-᠔᠕ ᠨᠠᠰᠤᠨ ᠊ᠤ ᠢᠷᠭᠡᠳ e-mongolia ᠠᠫᠫᠯᠢᠺᠧᠢᠰᠢᠨ ᠢ ᠠᠰᠢᠭᠯᠠᠬᠤ ᠪᠥᠷᠢᠨ ᠪᠣᠯᠤᠮᠵᠢ ᠲᠠᠢ ᠭᠡᠰᠡᠨ ᠪᠣᠯ ᠔᠕-᠖᠐ ᠨᠠᠰᠤᠨ ᠊ᠤ ᠢᠷᠭᠡᠳ ᠲᠡᠢ ᠲᠦᠯᠬᠢᠭᠦᠦ ᠠᠵᠢᠯᠯᠠᠵᠤ᠂ ᠲᠡᠳᠡᠨ ᠊ᠤ ᠴᠠᠬᠢᠮ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠵᠢᠭᠠᠪᠤᠷᠢ ᠵᠥᠪᠯᠡᠭᠡ᠂ ᠮᠡᠳᠡᠭᠡᠯᠡᠯ ᠢ ᠴᠠᠬᠢᠮ ᠬᠡᠯᠪᠡᠷᠢ ᠪᠡᠷ ᠪᠣᠯᠤᠨ ᠪᠡᠶᠡᠴᠢᠯᠡᠨ ᠦᠭᠬᠦ ᠱᠠᠭᠠᠷᠳᠠᠯᠭ᠎ᠠ ᠪᠠᠶᠢᠭ᠎ᠠ ᠊ᠢᠢ ᠣᠨᠴᠠᠯᠠᠵᠤ ᠪᠠᠶᠢᠯ᠎ᠠ᠃

ᠨᠡᠶᠢᠲᠡᠯᠡᠭᠰᠡᠨ᠄