ᠭᠣᠪᠢ-ᠠᠯᠲᠠᠢ ᠠᠶᠢᠮᠠᠭ ᠤᠨ ᠲᠥᠷᠦ ᠊ᠢᠢᠨ ᠠᠯᠪᠠᠨ ᠬᠠᠭᠠᠭᠴᠢᠳ ᠲᠤ 《ᠴᠠᠬᠢᠮ ᠤᠷ᠎ᠠ ᠴᠢᠳᠠᠪᠤᠷᠢ ᠣᠯᠭᠤᠬᠤ》 ᠰᠤᠷᠭᠠᠯᠲᠠ ᠵᠣᠬᠢᠶᠠᠨ ᠪᠠᠶᠢᠭᠤᠯᠤᠯ᠎ᠠ


ᠼᠠ᠊ ᠬᠥ᠊ ᠬᠠ᠊ ᠬᠣ᠊ ᠶᠠ᠊ ᠂ ᠲᠥ᠊ ᠼᠠ᠊ ᠦ᠊ ᠽᠣ᠊ ᠭᠠ᠊᠂ ᠢ-ᠮᠣᠩᠭᠣᠯ ᠠᠺᠠᠳᠧᠮᠢ ᠤ᠊ ᠲᠥ᠊ ᠦ᠊ ᠭᠠ᠊- ᠍ ᠤᠨ ᠬᠠᠮᠲᠤᠷᠠᠭᠰᠠᠨ ᠪᠠᠭ ᠥᠨᠥᠳᠥᠷ (᠒᠐᠒᠓.᠐᠙.᠑᠒) 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ᠂ ᠰᠤᠷᠭᠠᠯᠲᠠ᠂ ᠦᠨᠡᠯᠡᠭᠡ ᠠᠷᠭ᠎ᠠ ᠬᠡᠮᠵᠢᠶᠡᠨ ᠊ᠤ ᠬᠦᠷᠢᠶᠡᠨ ᠊ᠳᠦ ᠭᠣᠪᠢ-ᠠᠯᠲᠠᠢ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠰᠤᠷᠭᠠᠯᠲᠠ ᠊ᠢᠢ ᠵᠣᠬᠢᠶᠠᠨ ᠪᠠᠶᠢᠭᠤᠯᠵᠤ᠂ ᠠᠶᠢᠮᠠᠭ ᠤᠨ ᠽᠠ᠊ ᠳᠠ᠊ ᠲᠠ᠊ ᠭᠠ᠊- ᠍᠊ᠳᠦ ᠴᠠᠬᠢᠮ ᠰᠢᠯᠵᠢᠯᠲᠡ ᠬᠢᠬᠦ ᠪᠡᠯᠡᠨ ᠪᠠᠶᠢᠳᠠᠯ ᠤᠨ ᠰᠤᠳᠤᠯᠭ᠎ᠠ ᠶᠢ ᠠᠪᠴᠤ ᠠᠵᠢᠯᠯᠠᠯ᠎ᠠ᠃

ᠰᠤᠷᠭᠠᠯᠲᠠ ᠊ᠢᠢ ᠲᠥ᠊ ᠼᠠ᠊ ᠦ᠊ ᠽᠣ᠊ ᠭᠠ᠊- ᠍ᠤᠨ ᠰᠤᠷᠭᠠᠯᠲᠠ ᠬᠥᠭᠵᠢᠯ ᠤᠨ ᠬᠡᠯᠲᠡᠰ ᠤᠨ ᠳᠠᠷᠤᠭ᠎ᠠ ᠪ ∙ ᠣᠳᠬᠣᠨᠪᠠᠶᠠᠷ᠂ ᠲᠤᠰ ᠭᠠᠵᠠᠷ ᠤᠨ ᠰᠤᠷᠭᠠᠯᠲᠠ ᠬᠥᠭᠵᠢᠯ ᠤᠨ ᠬᠡᠯᠲᠡᠰ ᠤᠨ ᠮᠡᠷᠭᠡᠵᠢᠯᠲᠡᠨ ᠲ ∙ ᠭᠠᠩᠲᠣᠭᠲᠠᠬᠤ ᠨᠠᠷ 《ᠲᠣᠭᠠᠨ ᠭᠠᠷ ᠤᠨ ᠦᠰᠦᠭ ᠪᠠ ᠲᠡᠭᠦᠨ ᠦ ᠬᠡᠷᠡᠭᠯᠡᠭᠡ》᠂ 《ᠴᠠᠬᠢᠮ ᠣᠷᠴᠢᠨ᠂ ᠡᠬᠢ ᠰᠤᠷᠪᠤᠯᠵᠢ ᠠᠴᠠ ᠮᠡᠳᠡᠭᠡ᠂ ᠮᠡᠳᠡᠭᠡᠯᠡᠯ ᠬᠠᠶᠢᠬᠤ》᠂ 《ᠮᠡᠳᠡᠭᠡᠯᠡᠯ ᠦᠨ ᠠᠶᠤᠯ ᠦᠭᠡᠢ ᠪᠠᠶᠢᠳᠠᠯ》᠂ 《ᠰᠢᠨᠵᠢᠯᠡᠬᠦ ᠰᠡᠳᠬᠢᠯᠭᠡ》 ᠵᠡᠷᠭᠡ ᠰᠡᠳᠦᠪ ᠦᠨ ᠬᠦᠷᠢᠶᠡᠨ ᠊ᠳᠦ ᠵᠣᠬᠢᠶᠠᠨ ᠪᠠᠶᠢᠭᠤᠯᠵᠤ᠂ ᠠᠯᠪᠠᠨ ᠬᠠᠭᠠᠭᠴᠢᠳ ᠤᠨ ᠰᠣᠨᠢᠷᠬᠠᠭᠰᠠᠨ ᠠᠰᠠᠭᠤᠯᠲᠠ ᠨᠤᠭᠤᠳ ᠲᠤ ᠬᠠᠷᠢᠭᠤᠯᠲᠠ ᠥᠭᠭᠦᠨ᠂ ᠮᠡᠳᠡᠭᠡᠯᠡᠯ ᠰᠣᠯᠢᠯᠴᠠᠯ᠎ᠠ᠃

ᠮᠥᠨ ᠠᠶᠢᠮᠠᠭ ᠤᠨ ᠴᠠᠬᠢᠮ ᠰᠢᠯᠵᠢᠯᠲᠡ ᠊ᠢᠢᠨ ᠴᠢᠭᠯᠡᠯ ᠊ᠢᠢᠡᠷ ᠠᠪᠴᠤ ᠬᠡᠷᠡᠭᠵᠢᠭᠦᠯᠦᠭᠰᠡᠨ ᠠᠷᠭ᠎ᠠ ᠬᠡᠮᠵᠢᠶᠡᠨ ᠊ᠤ ᠬᠡᠷᠡᠭᠵᠢᠯᠲᠡ ᠊ᠢᠢᠨ ᠰᠤᠳᠤᠯᠭ᠎ᠠ ᠪᠣᠯᠤᠨ ᠢᠷᠭᠡᠳ ᠡᠴᠡ ᠴᠠᠬᠢᠮ ᠰᠢᠯᠵᠢᠯᠲᠡ ᠲᠡᠢ ᠬᠣᠯᠪᠣᠭᠠᠲᠠᠢ ᠰᠡᠳᠬᠢᠯ ᠬᠠᠨᠤᠮᠵᠢ ᠊ᠢᠢᠨ ᠰᠤᠳᠤᠯᠭ᠎ᠠ ᠊ᠢᠢ ᠠᠪᠴᠤ ᠠᠵᠢᠯᠯᠠᠯ᠎ᠠ᠃

ᠨᠡᠶᠢᠲᠡᠯᠡᠭᠰᠡᠨ᠄