《ᠴᠠᠬᠢᠮ-ᠥᠪᠦᠷᠬᠠᠩᠭᠠᠢ ᠒》 ᠬᠥᠲᠥᠯᠪᠦᠷᠢ ᠊ᠢᠢ ᠒᠐᠒᠓-᠒᠐᠒᠕ ᠣᠨ ᠊ᠳᠤ ᠬᠡᠷᠡᠭᠵᠢᠭᠦᠯᠦᠨ᠎ᠡ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠤᠨ ᠵᠥᠪᠯᠡᠬᠦ ᠪ ∙ ᠭᠠᠩᠪᠠᠲᠤ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠊ᠤ ᠨᠡᠶᠢᠲᠡ ᠊ᠢᠢᠨ ᠮᠡᠳᠡᠭᠡᠯᠡᠯ ᠤᠨ ᠳᠡᠳ᠋ ᠪᠦᠲᠦᠴᠡ ᠊ᠢᠢᠨ ᠬᠡᠯᠲᠡᠰ ᠤᠨ ᠳᠠᠷᠤᠭ᠎ᠠ ᠳ ∙ ᠪᠠᠲᠤᠪᠠᠶᠠᠷ ᠨᠠᠷ ᠡᠨᠡ ᠰᠠᠷ᠎ᠠ ᠊ᠢᠢᠨ ᠑᠓ ᠍ ᠊ᠤ ᠡᠳᠦᠷ ᠥᠪᠦᠷᠬᠠᠩᠭᠠᠢ ᠠᠶᠢᠮᠠᠭ ᠤᠨ ᠵᠠᠰᠠᠭ ᠳᠠᠷᠤᠭ᠎ᠠ ᠊ᠢᠢᠨ ᠡᠭᠦᠷᠭᠡ ᠊ᠢᠢ ᠲᠦᠷᠢ ᠣᠷᠣᠯᠠᠨ ᠭᠦᠢᠴᠡᠳᠬᠡᠭᠴᠢ ᠢ᠊ ∙ ᠳᠣᠷᠵᠢᠰᠦ᠋ᠷᠦᠩ ᠲᠡᠢ ᠠᠭᠤᠯᠵᠠᠵᠤ᠂ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢᠨ ᠠᠰᠠᠭᠤᠳᠠᠯ ᠊ᠢᠢᠠᠷ ᠰᠠᠨᠠᠯ ᠰᠣᠯᠢᠯᠴᠠᠯ᠎ᠠ᠃

ᠥᠪᠦᠷᠬᠠᠩᠭᠠᠢ ᠠᠶᠢᠮᠠᠭ ᠨᠢ 《ᠴᠠᠬᠢᠮ-ᠥᠪᠦᠷᠬᠠᠩᠭᠠᠢ ᠒》 ᠬᠥᠲᠥᠯᠪᠦᠷᠢ ᠊ᠢᠢ ᠒᠐᠒᠓-᠒᠐᠒᠓ ᠣᠨ ᠊ᠳᠤ ᠬᠡᠷᠡᠭᠵᠢᠭᠦᠯᠬᠦ ᠪᠡᠷ ᠠᠵᠢᠯ ᠤᠨ ᠬᠡᠰᠡᠭ ᠪᠠᠶᠢᠭᠤᠯᠤᠨ ᠠᠵᠢᠯᠯᠠᠵᠤ ᠪᠠᠶᠢᠨ᠎ᠠ᠃ ᠤᠭ ᠬᠥᠲᠦᠯᠪᠦᠷᠢ ᠊ᠢᠢᠨ ᠲᠥᠰᠦᠯ ᠊ᠢ ᠬᠡᠷᠡᠭᠵᠢᠭᠦᠯᠬᠦ ᠳᠦ ᠬᠣᠯᠪᠣᠭᠳᠠᠬᠤ ᠶᠠᠮᠤᠨ ᠡᠴᠠ ᠪᠣᠳᠣᠯᠭ᠎ᠠ ᠠᠷᠭ᠎ᠠ ᠵᠦᠢ ᠊ᠢᠢᠨ ᠵᠥᠪᠯᠡᠭᠡ ᠠᠪᠬᠤ ᠱᠠᠭᠠᠷᠳᠠᠯᠭ᠎ᠠ ᠪᠠᠶᠢᠭ᠎ᠠ ᠊ᠢᠢ ᠣᠨᠴᠠᠯᠠᠵᠤ᠂ ᠬᠠᠮᠲᠤᠷᠠᠨ ᠠᠵᠢᠯᠯᠠᠬᠤ ᠪᠠᠷ ᠪᠣᠯᠤᠯ᠎ᠠ᠃

ᠳᠡᠭᠡᠷᠡᠬᠢ ᠬᠥᠲᠥᠯᠪᠦᠷᠢ ᠊ᠢᠢ ᠬᠡᠷᠡᠭᠵᠢᠭᠦᠯᠦᠭᠰᠡᠨ ᠊ᠢᠢᠡᠷ ᠲᠥᠷᠥ ᠊ᠢᠢᠨ ᠪᠠᠶᠢᠭᠤᠯᠤᠯᠭ᠎ᠠ ᠨᠤᠭᠤᠳ ᠤᠨ ᠤᠶᠠᠯᠳᠤᠭ᠎ᠠ ᠬᠣᠯᠪᠣᠭ᠎ᠠ ᠰᠠᠶᠢᠵᠢᠷᠠᠬᠤ᠂ ᠲᠡᠳᠡᠨ ᠊ᠤ ᠮᠡᠳᠡᠭᠡᠯᠡᠯ ᠤᠨ ᠰᠢᠰᠲ᠋ᠧᠮ ᠪᠣᠯᠤᠨ ᠰᠦᠯᠵᠢᠶᠡᠨ ᠊ᠤ ᠠᠶᠤᠯ ᠦᠭᠡᠢ ᠪᠠᠶᠢᠳᠠᠯ ᠊ᠢ ᠰᠠᠶᠢᠵᠢᠷᠠᠭᠤᠯᠵᠤ᠂ ᠠᠯᠢᠪᠠ ᠡᠷᠦᠰᠳᠡᠯ ᠡᠴᠡ ᠤᠷᠢᠳᠴᠢᠯᠠᠨ ᠰᠡᠷᠭᠡᠶᠢᠯᠡᠬᠦ᠂ ᠢᠷᠭᠡᠳ ᠤᠨ ᠴᠠᠬᠢᠮ ᠤᠷ᠎ᠠ ᠴᠢᠳᠠᠪᠤᠷᠢ᠂ ᠴᠢᠳᠠᠮᠵᠢ ᠊ᠢᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠊ᠢ ᠲᠣᠭᠲᠠᠮᠠᠯ ᠵᠣᠬᠢᠶᠠᠨ ᠪᠠᠶᠢᠭᠤᠯᠵᠤ ᠬᠡᠪᠰᠢᠬᠦ᠂ ᠢᠨᠲ᠋ᠧᠷᠨᠡᠲ ᠤᠨ ᠬᠠᠮᠤᠷᠬᠤ ᠬᠦᠷ᠎ᠡ ᠊ᠢᠢ ᠥᠷᠭᠡᠵᠢᠭᠦᠯᠵᠦ᠂ ᠢᠷᠭᠡᠳ ᠲᠥᠷᠥ ᠊ᠢᠢᠨ ᠦᠢᠯᠡᠴᠢᠯᠡᠭᠡ ᠊ᠢᠢ ᠴᠠᠬᠢᠮ ᠬᠡᠯᠪᠡᠷᠢ ᠪᠡᠷ ᠰᠠᠭᠠᠳ ᠦᠭᠡᠢ ᠠᠪᠬᠤ ᠨᠥᠬᠥᠴᠡᠯ ᠰᠠᠶᠢᠵᠢᠷᠠᠬᠤ ᠵᠡᠷᠭᠡ ᠲᠣᠮᠣᠬᠠᠨ ᠦᠷ᠎ᠡ ᠳᠦᠩ ᠢ ᠬᠦᠯᠢᠶᠡᠵᠦ ᠪᠠᠶᠢᠭ᠎ᠠ ᠶᠤᠮ᠃

ᠨᠡᠶᠢᠲᠡᠯᠡᠭᠰᠡᠨ᠄