ᠥᠪᠦᠷᠬᠠᠩᠭᠠᠢ ᠠᠶᠢᠮᠠᠭ ᠤᠨ ᠲᠥᠷᠦ ᠊ᠢᠢᠨ ᠦᠢᠯᠡᠴᠢᠯᠡᠭᠡᠨ ᠊ᠤ ᠨᠢᠭᠡᠳᠦᠭᠰᠡᠨ ᠲᠥᠪ ᠨᠢ ᠳᠣᠯᠣᠭ᠎ᠠ ᠬᠣᠨᠣᠭ ᠲᠤᠲᠤᠮ ᠊ᠳᠤ ᠖᠐᠐-᠑᠗᠐᠐ ᠣᠷᠴᠢᠮ ᠢᠷᠭᠡᠨ ᠊ᠳᠦ ᠦᠢᠯᠡᠴᠢᠯᠡᠵᠦ ᠪᠠᠶᠢᠨ᠎ᠠ


ᠥᠪᠦᠷᠬᠠᠩᠭᠠᠢ ᠠᠶᠢᠮᠠᠭ ᠤᠨ ᠵᠠᠰᠠᠭ ᠳᠠᠷᠤᠭ᠎ᠠ ᠊ᠢᠢᠨ ᠳᠡᠷᠭᠡᠳᠡᠬᠢ ᠲᠥᠷᠦ ᠊ᠢᠢᠨ ᠦᠢᠯᠡᠴᠢᠯᠡᠭᠡᠨ ᠊ᠤ ᠨᠢᠭᠡᠳᠦᠭᠰᠡᠨ ᠲᠥᠪ ᠨᠢ ᠔ ᠳ᠋ᠡᠬᠢ ᠵᠢᠯ ᠳᠦ ᠪᠡᠨ ᠑᠙ ᠲᠥᠷᠦ ᠊ᠢᠢᠨ ᠪᠠᠶᠢᠭᠤᠯᠤᠯᠭ᠎ᠠ ᠊ᠢᠢᠨ ᠒᠓ ᠲᠥᠷᠦᠯ ᠤᠨ ᠦᠢᠯᠡᠴᠢᠯᠡᠭᠡ ᠊ᠢᠢ ᠢᠷᠭᠡᠳ ᠊ᠳᠦ ᠬᠦᠷᠭᠡᠵᠦ ᠪᠠᠶᠢᠨ᠎ᠠ᠃ ᠡᠨᠡᠬᠦ ᠲᠥᠪ ᠤᠨ ᠦᠢᠯᠡ ᠠᠵᠢᠯᠯᠠᠭ᠎ᠠ ᠲᠠᠢ ᠙ ᠳ᠋ᠦ᠋ᠭᠡᠷ ᠰᠠᠷ᠎ᠠ ᠊ᠢᠢᠨ ᠑᠓ ᠍ ᠊ᠤ ᠡᠳᠦᠷ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢᠨ ᠬᠡᠷᠡᠭᠵᠢᠯᠲᠡ ᠊ᠢᠢ ᠬᠠᠩᠭᠠᠬᠤ ᠠᠵᠢᠯ ᠤᠨ ᠬᠡᠰᠡᠭ ᠲᠠᠨᠢᠯᠴᠠᠯ᠎ᠠ᠃

ᠲᠤᠰ ᠲᠥᠪ ᠨᠢ ᠲᠥᠷᠦ ᠊ᠢᠢᠨ ᠦᠢᠯᠡᠴᠢᠯᠡᠭᠡ ᠊ᠢᠢ ᠬᠤᠷᠳᠤᠨ ᠰᠢᠭᠤᠷᠬᠠᠢ᠂ ᠴᠢᠷᠭᠳᠡᠯ ᠦᠭᠡᠢ ᠨᠢᠭᠡ ᠴᠡᠭ ᠡᠴᠡ ᠬᠦᠷᠭᠡᠬᠦ᠂ ᠵᠥᠪᠯᠡᠭᠡ ᠮᠡᠳᠡᠭᠡᠯᠡᠯ ᠊ᠢᠢᠡᠷ ᠬᠠᠩᠭᠠᠬᠤ ᠴᠢᠭᠢ ᠡᠭᠦᠷᠭᠡᠲᠡᠢ ᠪᠡᠷ ᠠᠵᠢᠯᠯᠠᠵᠤ᠂ ᠳᠣᠯᠣᠭ᠎ᠠ ᠬᠣᠨᠣᠭ ᠲᠤᠲᠤᠮ ᠊ᠳᠤ ᠖᠐᠐-᠑᠗᠐᠐ ᠣᠷᠴᠢᠮ ᠬᠦᠮᠦᠨ᠂ ᠬᠠᠤᠯᠢ ᠊ᠢᠢᠨ ᠡᠲᠡᠭᠡᠳ᠂ ᠢᠷᠭᠡᠨ ᠊ᠳᠦ ᠦᠢᠯᠡᠴᠢᠯᠡᠵᠦ ᠪᠠᠶᠢᠨ᠎ᠠ᠃

ᠲᠡᠭᠦᠨᠴᠢᠯᠡᠨ ᠴᠠᠭᠳᠠᠭ᠎ᠠ ᠊ᠢᠢᠨ ᠪᠠᠶᠢᠭᠤᠯᠤᠯᠭ᠎ᠠ ᠊ᠢᠢᠨ ᠵᠥᠪᠰᠢᠶᠡᠷᠡᠯ ᠊ᠢᠢᠡᠷ ᠬᠠᠤᠯᠢ ᠊ᠢᠢᠨ ᠬᠦᠷᠢᠶᠡᠨ ᠊ᠳᠦ ᠑᠕᠘ ᠺᠠᠮᠧᠷ ᠢ ᠠᠶᠢᠮᠠᠭ ᠤᠨ ᠲᠥᠪ ᠲᠦ ᠪᠠᠶᠢᠷᠢᠰᠢᠭᠤᠯᠵᠤ᠂ ᠨᠤᠲᠤᠭ ᠳᠡᠪᠢᠰᠬᠡᠷ ᠤᠨ ᠗᠐ ᠣᠷᠴᠢᠮ ᠬᠤᠪ ᠢ ᠬᠢᠨᠠᠨ ᠠᠵᠢᠯᠯᠠᠵᠤ ᠪᠠᠶᠢᠨ᠎ᠠ᠃ ᠡᠨᠡ ᠨᠢ ᠬᠣᠲᠠ ᠊ᠢᠢᠨ ᠰᠤᠶᠤᠯ ᠊ᠢ ᠲᠥᠯᠦᠪᠰᠢᠭᠦᠯᠬᠦ ᠭᠣᠣᠯ ᠴᠢᠭ ᠡᠭᠦᠷᠭᠡᠲᠡᠢ ᠡᠴᠡ ᠭᠠᠳᠠᠨ᠎ᠠ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ᠂ ᠭᠡᠮᠲᠦ ᠬᠡᠷᠡᠭ ᠢ ᠲᠠᠰᠤᠯᠤᠨ ᠵᠣᠭᠰᠣᠭᠠᠬᠤ ᠬᠦᠷᠢᠶᠡᠨ ᠊ᠳᠦ ᠴᠠᠭᠳᠠᠭ᠎ᠠ ᠊ᠢᠢᠨ ᠪᠠᠶᠢᠭᠤᠯᠤᠯᠭ᠎ᠠ ᠲᠠᠢ ᠨᠢᠭᠲᠠ ᠬᠣᠯᠪᠣᠭ᠎ᠠ ᠲᠠᠢ ᠪᠠᠷ ᠠᠵᠢᠯᠯᠠᠳᠠᠭ ᠲᠠᠯ᠎ᠠ ᠪᠠᠷ ᠳᠡᠭᠡᠷᠡᠬᠢ ᠪᠠᠶᠢᠭᠤᠯᠤᠯᠭ᠎ᠠ ᠊ᠢᠢᠨ ᠳᠠᠷᠤᠭ᠎ᠠ ᠪ ∙ ᠠᠩᠬᠡᠲᠤᠶᠠᠭ᠎ᠠ ᠬᠡᠯᠡᠵᠦ ᠪᠠᠶᠢᠨ᠎ᠠ᠃

ᠮᠥᠨ ᠲᠤᠰ ᠪᠠᠶᠢᠭᠤᠯᠤᠯᠭ᠎ᠠ ᠊ᠢᠢᠨ ᠪᠠᠶᠢᠷᠢᠨ ᠊ᠳᠤ ᠥᠪᠦᠷᠬᠠᠩᠭᠠᠢ ᠠᠶᠢᠮᠠᠭ ᠳ᠋ᠠᠬᠢ ᠲᠥᠷᠦ ᠊ᠢᠢᠨ ᠴᠠᠬᠢᠮ ᠦᠢᠯᠡᠴᠢᠯᠡᠭᠡᠨ ᠊ᠤ ᠬᠡᠯᠲᠡᠰ ᠡᠨᠡ ᠣᠨ ᠊ᠤ ᠕ ᠳ᠋ᠤᠭᠠᠷ ᠰᠠᠷ᠎ᠠ ᠡᠴᠠ ᠡᠬᠢᠯᠡᠨ ᠦᠢᠯᠡ ᠠᠵᠢᠯᠯᠠᠭ᠎ᠠ ᠊ᠢᠢ ᠪᠠᠨ ᠶᠠᠪᠤᠭᠤᠯᠵᠤ ᠪᠠᠶᠢᠭ᠎ᠠ ᠪᠥᠭᠡᠳ ᠓᠕ ᠪᠠᠶᠢᠭᠤᠯᠤᠯᠭ᠎ᠠ ᠊ᠢᠢᠨ ᠔᠔᠐ ᠣᠷᠴᠢᠮ ᠦᠢᠯᠡᠴᠢᠯᠡᠭᠡ ᠊ᠢᠢ ᠢᠷᠭᠡᠳ ᠲᠦ ᠬᠦᠷᠭᠡᠵᠦ ᠪᠠᠶᠢᠨ᠎ᠠ᠃

ᠨᠡᠶᠢᠲᠡᠯᠡᠭᠰᠡᠨ᠄