《ᠣᠯᠠᠨ ᠤᠯᠤᠰ ᠤᠨ ᠴᠠᠬᠢᠮ ᠬᠤᠳᠠᠯᠳᠤᠭᠠᠨ ᠊ᠤ ᠰᠢᠢᠳᠦᠯ》 ᠠᠭᠤᠯᠵᠠᠯᠲᠠ ᠪᠣᠯᠤᠯ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ᠂ ᠮᠣᠩᠭᠣᠯᠪᠠᠩᠬᠢ᠂ ᠪᠠᠩᠬᠢᠨ ᠨᠤᠭᠤᠳ ᠤᠨ ᠲᠥᠯᠥᠭᠡᠯᠡᠯ ᠲᠡᠢ ᠬᠠᠮᠲᠤᠷᠠᠨ ᠪᠢᠽᠢᠨ᠋ᠧᠰ ᠡᠷᠬᠢᠯᠡᠭᠴᠢ ᠠᠵᠤ ᠠᠬᠤᠢ ᠊ᠢᠢᠨ ᠨᠢᠭᠡᠴᠡ᠂ ᠢᠷᠭᠡᠳ ᠤᠨ ᠴᠠᠬᠢᠮ ᠬᠤᠳᠠᠯᠳᠤᠭᠠᠨ ᠊ᠤ ᠲᠥᠯᠥᠪᠦᠷᠢ ᠲᠣᠭᠠᠴᠠᠭ᠎ᠠ ᠭᠦᠢᠴᠡᠳᠭᠡᠬᠦ ᠳᠦ ᠲᠤᠯᠭᠠᠷᠴᠢ ᠪᠠᠶᠢᠭ᠎ᠠ ᠠᠰᠠᠭᠤᠳᠠᠯ ᠢ ᠰᠢ ᠳᠦ ᠬᠢ ᠵᠣᠷᠢᠯᠭ᠎ᠠ ᠪᠠᠷ 《ᠣᠯᠠᠨ ᠤᠯᠤᠰ ᠤᠨ ᠴᠠᠬᠢᠮ ᠬᠤᠳᠠᠯᠳᠤᠭᠠᠨ ᠊ᠤ ᠰᠢᠢᠳᠦᠯ》 ᠰᠡᠳᠦᠪᠲᠦ ᠬᠠᠮᠲᠤᠷᠠᠭᠰᠠᠨ ᠠᠭᠤᠯᠵᠠᠯᠲᠠ ᠥᠨᠥᠳᠥᠷ /᠒᠐᠒᠓.᠐᠙.᠑᠔/ ᠵᠣᠬᠢᠶᠠᠨ ᠪᠠᠶᠢᠭᠤᠯᠤᠯ᠎ᠠ᠃

ᠠᠭᠤᠯᠵᠠᠯᠲᠠ ᠊ᠳᠤ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠂ ᠮᠣᠩᠭᠣᠯᠪᠠᠩᠺᠠᠨ ᠊ᠤ ᠶᠡᠷᠦᠩᠬᠡᠶᠢᠯᠡᠭᠴᠢ ᠪ ∙ ᡀᠠᠭᠸᠠᠰᠦ᠋ᠷᠦᠩ ᠪᠣᠯᠤᠨ ᠠᠯᠪᠠᠨ ᠊ᠤ ᠪᠤᠰᠤᠳ ᠲᠥᠯᠦᠭᠡᠯᠡᠯ ᠣᠷᠣᠯᠴᠠᠵᠤ᠂ ᠪᠢᠽᠢᠨ᠋ᠧᠰ ᠡᠷᠬᠢᠯᠡᠭᠴᠢᠳ ᠲᠦ ᠴᠠᠬᠢᠮ ᠬᠤᠳᠠᠯᠳᠤᠭ᠎ᠠ ᠪᠤᠶᠤ e-commerce ᠢᠯᠠᠩᠭᠤᠶ᠎ᠠ ᠭᠠᠳᠠᠭᠠᠳᠤ ᠊ᠳᠤ ᠪᠣᠷᠣᠯᠠᠭᠤᠯᠤᠯᠲᠠ ᠬᠢᠵᠦ ᠲᠥᠯᠦᠪᠦᠷᠢ ᠲᠣᠭᠠᠴᠠᠭ᠎ᠠ ᠬᠦᠯᠢᠶᠡᠨ ᠠᠪᠬᠤ ᠊ᠳᠤ ᠲᠤᠯᠭᠠᠷᠴᠢ ᠪᠠᠶᠢᠭ᠎ᠠ ᠬᠦᠨᠳᠦᠷᠡᠯ᠂ ᠰᠢᠢᠳᠪᠡᠯ ᠵᠣᠬᠢᠬᠤ ᠠᠰᠠᠭᠤᠳᠠᠯ ᠤᠨ ᠲᠠᠯ᠎ᠠ ᠪᠠᠷ ᠲᠠᠯ ᠤᠳ ᠤᠨ ᠪᠠᠶᠢᠷᠢ ᠰᠠᠭᠤᠷᠢ ᠊ᠢᠢ ᠬᠡᠯᠡᠯᠴᠡᠵᠦ᠂ ᠬᠠᠷᠢᠯᠴᠠᠨ ᠰᠠᠨᠠᠯ ᠰᠣᠯᠢᠯᠴᠠᠪᠠ᠃

ᠮᠣᠩᠭᠣᠯ ᠪᠠᠩᠬᠢᠨ ᠡᠴᠠ ᠬᠢᠭᠰᠡᠨ ᠰᠤᠳᠤᠯᠭ᠎ᠠ ᠪᠠᠷ 《VISA》 ᠣᠯᠠᠨ ᠤᠯᠤᠰ ᠤᠨ ᠺᠠᠷᠲ ᠤᠨ ᠪᠠᠶᠢᠭᠤᠯᠤᠯᠭ᠎ᠠ ᠊ᠢᠢᠨ ᠰᠦᠯᠵᠢᠶ᠎ᠡ ᠪᠡᠷ ᠮᠠᠨ ᠊ᠤ ᠤᠯᠤᠰ ᠤᠨ ᠨᠡᠷ᠎ᠡ ᠪᠦᠬᠦᠢ ᠲᠣᠮᠣᠬᠠᠨ ᠠᠵᠤ ᠠᠬᠤᠢ ᠊ᠢᠢᠨ ᠨᠢᠭᠡᠴᠡ ᠨᠦᠭᠦᠳ ᠣᠯᠠᠨ ᠤᠯᠤᠰ ᠤᠨ ᠲᠥᠯᠥᠪᠦᠷᠢ᠂ ᠲᠣᠭᠠᠴᠠᠭ᠎ᠠ ᠬᠦᠯᠢᠶᠡᠨ ᠠᠪᠳᠠᠭ ᠴᠤ ᠡᠨᠡ ᠦᠢᠯᠡᠴᠢᠯᠡᠭᠡ ᠊ᠢᠢ ᠠᠪᠬᠤ ᠊ᠳᠤ ᠥᠪᠡᠷ ᠤᠨ ᠴᠠᠬᠢᠮ ᠬᠠᠭᠤᠳᠠᠰᠤ ᠲᠠᠢ ᠪᠠᠶᠢᠬᠤ᠂ ᠤᠷᠢᠳᠴᠢᠯᠠᠵᠤ ᠪᠠᠷᠢᠴᠠ ᠪᠠᠨ ᠲᠥᠯᠥᠪᠦᠷᠢ ᠪᠠᠶᠢᠷᠢᠰᠢᠭᠤᠯᠬᠤ ᠭᠡᠬᠦ ᠵᠡᠷᠭᠡ ᠲᠧᠭᠨᠣᠯᠣᠭᠢ ᠊ᠢᠢᠨ ᠪᠣᠯᠤᠭᠠᠳ ᠰᠠᠩᠬᠦᠦ ᠊ᠢᠢᠨ ᠥᠨᠳᠥᠷ ᠰᠢᠯᠭᠠᠭᠤᠷ ᠲᠠᠢ ᠪᠠᠶᠢᠭ᠎ᠠ ᠨᠢ ᠵᠠᠷᠢᠮ ᠲᠠᠯ᠎ᠠ ᠪᠠᠷ ᠢᠷᠭᠡᠳ ᠲᠦ᠂ ᠵᠢᠵᠢᠭ ᠳᠤᠮᠳᠠ ᠠᠵᠤ ᠠᠬᠤᠢ ᠊ᠢᠢᠨ ᠨᠢᠭᠡᠴᠡ ᠨᠦᠭᠦᠳ ᠲᠦ ᠬᠦᠨᠳᠦᠷᠡᠯᠲᠡᠢ ᠪᠠᠶᠢᠳᠠᠭ᠃ ᠲᠡᠶᠢᠮᠦ ᠡᠴᠡ ᠮᠣᠩᠭᠣᠯᠪᠠᠩᠺᠠᠨ ᠊ᠤ ᠵᠦᠭ ᠡᠴᠡ Paypal᠂ Stripe᠂ Amazon pay᠂ Skrill᠂ ᠒checkout ᠵᠡᠷᠭᠡ ᠪᠠᠶᠢᠭᠤᠯᠤᠯᠭ᠎ᠠ ᠨᠤᠭᠤᠳ ᠲᠠᠢ ᠬᠣᠯᠪᠣᠭ᠎ᠠ ᠲᠣᠭᠲᠠᠭᠠᠵᠤ᠂ ᠬᠠᠮᠲᠤᠷᠠᠨ ᠠᠵᠢᠯᠯᠠᠬᠤ ᠠᠯᠪᠠᠨ ᠬᠦᠰᠡᠯᠲᠦ ᠪᠡᠨ ᠢᠯᠡᠷᠬᠡᠶᠢᠯᠡᠭᠡᠳ ᠪᠠᠶᠢᠭ᠎ᠠ ᠶᠤᠮ ᠪᠠᠶᠢᠨ᠎ᠠ᠃

ᠭᠡᠪᠡᠴᠦ ᠡᠳᠡᠭᠡᠷ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠠᠵᠢᠯᠯᠠᠵᠤ᠂ ᠰᠤᠳᠤᠯᠭ᠎ᠠ ᠬᠢᠬᠦ ᠳᠦ ᠮᠠᠨ ᠊ᠤ ᠤᠯᠤᠰ ᠤᠨ ᠴᠠᠬᠢᠮ ᠬᠤᠳᠠᠯᠳᠤᠭᠠᠨ ᠊ᠤ ᠵᠠᠬ᠎ᠠ ᠵᠡᠭᠡᠯᠢ ᠊ᠢᠢᠨ ᠡᠷᠭᠢᠯᠲᠡ ᠪᠠᠭ᠎ᠠ᠂ ᠬᠡᠨ ᠶᠠᠮᠠᠷ ᠪᠠᠷᠠᠭ᠎ᠠ᠂ ᠪᠦᠲᠦᠭᠡᠭᠳᠡᠬᠦᠨ ᠪᠣᠷᠣᠯᠠᠭᠤᠯᠬᠤ᠂ ᠶᠠᠮᠠᠷ ᠬᠡᠮᠵᠢᠶᠡᠨ ᠊ᠤ ᠣᠷᠣᠯᠭ᠎ᠠ ᠣᠯᠬᠤ ᠲᠠᠯ᠎ᠠ ᠪᠠᠷ ᠲᠣᠳᠣᠷᠬᠠᠢ ᠮᠡᠳᠡᠭᠡᠯᠡᠯ ᠪᠠᠶᠢᠬᠤ ᠦᠭᠡᠢ᠂ ᠡᠨᠡ ᠲᠥᠷᠦᠯ ᠤᠨ ᠦᠢᠯᠡᠴᠢᠯᠡᠭᠡ ᠊ᠢᠢ ᠰᠢᠨ᠎ᠡ ᠪᠡᠷ ᠨᠡᠪᠲᠡᠷᠡᠭᠦᠯᠬᠦ ᠳᠦ ᠳᠡᠳ᠋ ᠪᠦᠲᠦᠴᠡ ᠊ᠢᠢᠨ ᠵᠠᠷᠤᠳᠠᠯ ᠥᠨᠳᠦᠷ ᠵᠡᠷᠭᠡ ᠬᠦᠨᠳᠦᠷᠡᠯ ᠲᠡᠢ ᠠᠰᠠᠭᠤᠳᠠᠯ ᠤᠳ ᠭᠠᠷᠴᠤ ᠪᠠᠶᠢᠭ᠎ᠠ ᠊ᠢᠢ ᠲᠠᠶᠢᠯᠪᠤᠷᠢᠯᠠᠵᠤ ᠪᠠᠶᠢᠯ᠎ᠠ᠃

ᠪᠠᠩᠬᠢᠨ ᠨᠤᠭᠤᠳ ᠤᠨ ᠲᠤᠬᠠᠢ ᠊ᠳᠤ ᠢᠷᠭᠡᠳ᠂ ᠠᠵᠤ ᠠᠬᠤᠢ ᠊ᠢᠢᠨ ᠨᠢᠭᠡᠴᠡ ᠨᠦᠭᠦᠳ ᠤᠨ ᠭᠠᠳᠠᠭᠠᠳᠤ ᠡᠴᠠ ᠪᠠᠷᠠᠭ᠎ᠠ᠂ ᠪᠦᠲᠦᠭᠡᠭᠳᠡᠬᠦᠨ᠂ ᠠᠵᠢᠯ᠂ ᠦᠢᠯᠡᠴᠢᠯᠡᠭᠡᠨ ᠊ᠤ ᠲᠥᠯᠦᠪᠦᠷᠢ ᠊ᠢᠢ ᠤᠯᠭᠤᠬᠤ᠂ ᠲᠥᠯᠦᠪᠦᠷᠢ ᠬᠦᠯᠢᠶᠡᠨ ᠠᠪᠬᠤ ᠣᠯᠠᠨ ᠰᠤᠪᠠᠭ ᠪᠦᠬᠦᠢ ᠳᠡᠳ᠋ ᠪᠦᠲᠦᠴᠡ ᠊ᠢᠢ ᠪᠤᠢ ᠪᠣᠯᠭᠠᠵᠤ᠂ ᠥᠨᠥᠳᠥᠷ ᠤᠨ ᠪᠠᠶᠢᠳᠠᠯ ᠊ᠢᠢᠠᠷ ᠣᠯᠠᠨ ᠤᠯᠤᠰ ᠤᠨ ᠴᠠᠬᠢᠮ ᠬᠤᠳᠠᠯᠳᠤᠭᠠᠨ ᠊ᠤ ᠲᠥᠯᠦᠪᠦᠷᠢ ᠊ᠢᠢᠨ ᠭᠠᠷᠬᠤ ᠤᠷᠤᠰᠬᠠᠯ ᠶᠠᠮᠠᠷ ᠨᠢᠭᠡᠨ ᠰᠠᠭᠠᠳᠠᠭ ᠦᠭᠡᠢ ᠪᠡᠷ ᠳᠠᠮᠵᠢᠵᠤ ᠪᠠᠶᠢᠨ᠎ᠠ᠃

ᠬᠠᠷᠢᠨ ᠪᠢᠽᠢᠨ᠋ᠧᠰ ᠡᠷᠬᠢᠯᠡᠭᠴᠢᠳ ᠤᠨ ᠬᠦᠷᠢᠶᠡᠨ ᠊ᠳᠦ ᠭᠠᠳᠠᠭᠠᠳᠤ ᠊ᠳᠤ ᠪᠠᠷᠠᠭ᠎ᠠ ᠪᠦᠲᠦᠭᠡᠭᠳᠡᠬᠦᠨ᠂ ᠠᠵᠢᠯ᠂ ᠦᠢᠯᠡᠴᠢᠯᠡᠭᠡ ᠪᠡᠨ ᠵᠠᠷᠤᠵᠤ᠂ ᠪᠣᠷᠣᠯᠠᠭᠤᠯᠤᠭᠰᠠᠨ ᠣᠷᠣᠯᠭ᠎ᠠ ᠪᠠᠨ ᠬᠦᠯᠢᠶᠡᠨ ᠠᠪᠬᠤ ᠰᠤᠪᠠᠭ ᠬᠠᠷᠠᠬᠠᠨ ᠰᠠᠶᠢᠨ ᠬᠥᠭᠵᠢᠭᠡ ᠦᠭᠡᠢ ᠪᠠᠶᠢᠭ᠎ᠠ ᠊ᠢᠢᠨ ᠤᠯᠠᠮ ᠡᠴᠠ ᠲᠥᠯᠦᠪᠦᠷᠢ ᠲᠣᠭᠠᠴᠠᠭ᠎ᠠ ᠪᠠᠨ ᠲᠦᠷᠭᠡᠨ ᠰᠢᠭᠤᠷᠬᠠᠢ᠂ ᠵᠠᠷᠤᠳᠠᠯ ᠪᠠᠭ᠎ᠠ ᠲᠠᠢ ᠬᠦᠯᠢᠶᠡᠨ ᠠᠪᠬᠤ ᠪᠣᠯᠤᠮᠵᠢ ᠬᠠᠷᠢᠴᠠᠩᠭᠤᠢ ᠬᠢᠵᠠᠭᠠᠷᠯᠠᠭᠳᠠᠮᠠᠯ ᠪᠠᠶᠢᠨ᠎ᠠ᠃ ᠲᠡᠶᠢᠮᠦ ᠡᠴᠡ ᠪᠠᠩᠬᠢᠨ ᠨᠤᠭᠤᠳ ᠥᠪᠡᠷ ᠤᠨ ᠪᠠᠩᠬᠢᠨ ᠊ᠤ ᠴᠠᠬᠢᠮ ᠬᠤᠳᠠᠯᠳᠤᠭᠠᠨ ᠊ᠤ ᠲᠥᠯᠦᠪᠦᠷᠢ ᠲᠣᠭᠠᠴᠠᠭ᠎ᠠ ᠭᠦᠢᠴᠡᠳᠭᠡᠬᠦ ᠲᠡᠢ ᠬᠣᠯᠪᠣᠭ᠎ᠠ ᠲᠠᠢ ᠫᠷᠣᠭᠷᠠᠮ ᠬᠠᠩᠭᠠᠮᠵᠢ ᠊ᠢᠢᠨ ᠰᠢᠢᠳᠦᠯ᠂ ᠰᠢᠨ᠎ᠡ ᠪᠡᠷ ᠨᠡᠪᠲᠡᠷᠡᠭᠦᠯᠦᠭᠰᠡᠨ ᠪᠦᠲᠦᠭᠡᠭᠳᠡᠬᠦᠨ᠂ ᠦᠢᠯᠡᠴᠢᠯᠡᠭᠡᠨ ᠊ᠤ ᠪᠡᠨ ᠳᠠᠪᠠᠭᠤ ᠲᠠᠯ᠎ᠠ᠂ ᠣᠨᠴᠠᠯᠢᠭ ᠤᠨ ᠲᠠᠯ᠎ᠠ ᠪᠠᠷ ᠮᠡᠳᠡᠭᠡᠯᠡᠯ ᠬᠦᠷᠭᠡᠵᠦ᠂ ᠡᠨᠡ ᠲᠥᠷᠦᠯ ᠤᠨ ᠪᠢᠽᠢᠨ᠋ᠧᠰ ᠡᠷᠬᠢᠯᠡᠭᠴᠢᠳ ᠲᠡᠢ ᠬᠠᠮᠲᠤᠷᠠᠨ ᠠᠵᠢᠯᠯᠠᠬᠤ ᠳᠤ ᠶᠠᠮᠠᠷ ᠪᠣᠯᠤᠮᠵᠢ ᠪᠠᠶᠢᠭ᠎ᠠ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃

ᠠᠭᠤᠯᠵᠠᠯᠲᠠ ᠊ᠳᠤ ᠣᠷᠣᠯᠴᠠᠭᠴᠢ ᠪᠤᠰᠤᠳ ᠪᠠᠶᠢᠭᠤᠯᠤᠯᠭ᠎ᠠ ᠨᠤᠭᠤᠳ ᠤᠨ ᠲᠥᠯᠦᠭᠡᠯᠡᠯ ᠴᠤ ᠮᠥᠨ ᠠᠳᠠᠯᠢ ᠭᠠᠳᠠᠭᠠᠳᠤ ᠊ᠳᠤ ᠪᠣᠷᠣᠯᠠᠭᠤᠯᠤᠯᠲᠠ ᠬᠢᠵᠦ᠂ ᠲᠥᠯᠦᠪᠦᠷᠢ ᠲᠣᠭᠠᠴᠠᠭ᠎ᠠ ᠬᠦᠯᠢᠶᠡᠨ ᠠᠪᠬᠤ ᠊ᠳᠤ ᠥᠪᠡᠷᠰᠡᠳ ᠤᠨ ᠠᠰᠢᠭᠯᠠᠳᠠᠭ ᠰᠤᠪᠠᠭ᠂ ᠲᠤᠷᠰᠢᠯᠭ᠎ᠠ ᠡᠴᠠ ᠪᠠᠨ ᠬᠤᠪᠢᠶᠠᠯᠴᠠᠭᠰᠠᠨ ᠊ᠤ ᠳᠡᠭᠡᠷ᠎ᠡ ᠲᠣᠳᠣᠷᠬᠠᠢ ᠰᠢᠢᠳᠦᠯ ᠤᠳ ᠢ ᠴᠤ ᠰᠠᠨᠠᠯ ᠪᠣᠯᠭᠠᠪᠠ᠃

ᠳᠡᠭᠡᠷᠡᠬᠢ ᠠᠰᠠᠭᠤᠳᠠᠯ ᠤᠳ ᠊ᠢ ᠰᠢᠢᠳᠪᠦᠷᠢᠯᠡᠬᠦ ᠊ᠢᠢᠨ ᠲᠤᠯᠠᠳᠠ ᠲᠠᠯ ᠤᠳ ᠤᠨ ᠣᠷᠣᠯᠴᠠᠭ᠎ᠠ ᠊ᠢᠢ ᠬᠠᠩᠭᠠᠭᠰᠠᠨ ᠠᠵᠢᠯ ᠤᠨ ᠬᠡᠰᠡᠭ ᠪᠠᠶᠢᠭᠤᠯᠵᠤ᠂ ᠡᠨᠡ ᠴᠢᠭᠯᠡᠯ ᠊ᠢᠢᠡᠷ ᠦᠢᠯᠡ ᠠᠵᠢᠯᠯᠠᠭ᠎ᠠ ᠡᠷᠬᠢᠯᠡᠨ ᠶᠠᠪᠤᠭᠤᠯᠳᠠᠭ ᠢᠷᠭᠡᠳ᠂ ᠪᠢᠽᠢᠨ᠋ᠧᠰ ᠡᠷᠬᠢᠯᠡᠭᠴᠢᠳ ᠤᠨ ᠰᠠᠨᠠᠯ᠂ ᠬᠦᠰᠡᠯᠲᠦ ᠊ᠢᠢ ᠨᠢᠭᠡᠲᠡᠨ ᠲᠣᠳᠣᠷᠬᠠᠢ ᠰᠢᠢᠳᠦᠯ ᠢ ᠼᠠ᠊ ᠬᠥ᠊ ᠬᠠ᠊ ᠬᠣ᠊ ᠶᠠ᠊᠂ ᠮᠣᠩᠭᠣᠯᠪᠠᠩᠬᠢ ᠪᠠᠷ ᠳᠠᠮᠵᠢᠭᠤᠯᠤᠨ ᠮᠣᠩᠭᠣᠯ ᠤᠯᠤᠰ ᠤᠨ ᠵᠠᠰᠠᠭ ᠤᠨ ᠭᠠᠵᠠᠷ ᠲᠤ ᠪᠣᠯᠤᠨ ᠪᠤᠰᠤᠳ ᠰᠢᠢᠳᠪᠦᠷᠢ ᠭᠠᠷᠭᠠᠭᠴᠢ ᠨᠠᠷ ᠲᠤ ᠤᠯᠠᠮᠵᠢᠯᠠᠬᠤ ᠪᠠᠷ ᠲᠣᠭᠲᠠᠯ᠎ᠠ᠃

ᠨᠡᠶᠢᠲᠡᠯᠡᠭᠰᠡᠨ᠄