ᠰᠢᠯ ᠠᠵᠢᠯᠯᠠᠭ᠎ᠠ᠂ ᠴᠠᠬᠢᠮᠵᠢᠯᠲᠠ ᠊ᠢᠢᠨ ᠦᠷ᠎ᠡ ᠳ᠋ᠦᠩ ᠢ ᠢᠷᠭᠡᠳ ᠲᠦ ᠲᠠᠨᠢᠯᠴᠠᠭᠤᠯᠵᠤ᠂ ᠰᠠᠨᠠᠯ᠂ ᠬᠦᠰᠡᠯᠲᠦ ᠊ᠢᠢ ᠨᠢ ᠬᠦᠯᠢᠶᠡᠨ ᠠᠪᠴᠤ ᠪᠠᠶᠢᠨ᠎ᠠ


ᠵᠠᠰᠠᠭ ᠤᠨ ᠭᠠᠵᠠᠷ ᠠᠪᠤᠯᠢᠭᠠ ᠊ᠢᠢᠨ ᠡᠰᠡᠷᠡᠭ ᠕ ᠱ ᠠᠵᠢᠯᠯᠠᠭ᠎ᠠ ᠪᠠᠨ ᠬᠡᠷᠡᠭᠵᠢᠭᠦᠯᠵᠦ ᠪᠠᠶᠢᠨ᠎ᠠ᠃ ᠼᠠ᠊ ᠬᠥ᠊ ᠬᠠ᠊ ᠬᠣ᠊ ᠶᠠ᠊ 《ᠰᠢᠯ》 ᠠᠵᠢᠯᠯᠠᠭᠠᠨ ᠊ᠤ ᠬᠦᠷᠢᠶᠡᠨ ᠊ᠳᠦ ᠡᠮᠦᠨ᠎ᠡ ᠨᠢᠭᠤᠴᠠ᠂ ᠳᠠᠯᠳᠠ ᠪᠠᠶᠢᠭᠰᠠᠨ ᠮᠡᠳᠡᠭᠡᠯᠡᠯ ᠤᠳ ᠢ ᠢᠯᠡ ᠲᠣᠳᠣ᠂ ᠨᠡᠭᠡᠭᠡᠯᠲᠡ ᠲᠡᠢ ᠪᠣᠯᠭᠠᠭᠰᠠᠨ ᠊ᠢᠢᠠᠷ ᠣᠯᠠᠨ ᠡᠶᠡᠷᠡᠭ ᠦᠷ᠎ᠡ ᠳᠦᠩ ᠭᠠᠷᠴᠤ ᠪᠠᠶᠢᠨ᠎ᠠ᠃ ᠲᠤᠬᠠᠶᠢᠯᠠᠪᠠᠯ ᠲᠤᠰᠬᠠᠢ ᠰᠠᠩᠭ᠎ᠠ ᠨᠤᠭᠤᠳ ᠤᠨ ᠡᠷᠭᠢᠨ ᠲᠥᠯᠦᠯᠲᠡ ᠡᠷᠡᠰ ᠨᠡᠮᠡᠭᠳᠡᠵᠦ᠂ ᠠᠪᠤᠯᠢᠭᠠ᠂ ᠠᠯᠪᠠᠨ ᠲᠤᠰᠢᠶᠠᠯ ᠤᠨ ᠬᠡᠷᠡᠭ ᠤᠳ ᠣᠯᠠᠨ ᠨᠡᠶᠢᠲᠡ ᠊ᠳᠦ ᠨᠡᠭᠡᠭᠡᠯᠲᠡᠲᠡᠢ ᠪᠣᠯᠤᠭᠰᠠᠭᠠᠷ ᠪᠠᠶᠢᠨ᠎ᠠ᠃

ᠼᠠ᠊ ᠬᠥ᠊ ᠬᠠ᠊ ᠬᠣ᠊- ᠊ᠤ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠪᠣᠳᠣᠯᠭ᠎ᠠ ᠡᠷᠴᠢᠮᠵᠢᠵᠦ᠂ ᠵᠥᠪᠬᠡᠨ ᠲᠥᠷᠦ ᠊ᠢᠢᠨ ᠦᠢᠯᠡᠴᠢᠯᠡᠭᠡᠨ ᠊ᠤ ᠢ-ᠮᠣᠩᠭᠣᠯ ᠰᠢᠰᠲ᠋ᠧᠮ ᠊ᠳᠦ ᠑᠐᠐᠐ ᠭᠠᠷᠤᠢ ᠦᠢᠯᠡᠴᠢᠯᠡᠭᠡ ᠨᠡᠪᠲᠡᠷᠡᠴᠢ᠂ ᠢᠷᠭᠡᠳ ᠤᠨ ᠡᠳᠦᠷ ᠲᠤᠲᠤᠮ ᠤᠨ ᠠᠮᠢᠳᠤᠷᠠᠯ ᠊ᠳᠤ ᠡᠶᠡᠷᠭᠦ ᠪᠡᠷ ᠨᠥᠯᠦᠭᠡᠯᠡᠭᠰᠡᠭᠡᠷ ᠪᠠᠶᠢᠨ᠎ᠠ᠃

ᠢᠷᠭᠡᠳ ᠊ᠢᠢᠡᠨ ᠮᠡᠳᠡᠭᠡᠯᠡᠯ ᠊ᠢᠢᠡᠷ ᠬᠠᠩᠭᠠᠬᠤ᠂ ᠲᠡᠳᠡᠨ ᠊ᠤ ᠰᠠᠨᠠᠯ᠂ ᠬᠦᠰᠡᠯᠲᠡ ᠊ᠢᠢ ᠨᠢ ᠬᠦᠯᠢᠶᠡᠨ ᠠᠪᠬᠤ ᠨᠢ ᠲᠥᠷᠥ ᠊ᠢᠢᠨ ᠡᠭᠦᠷᠭᠡ᠃ ᠲᠡᠶᠢᠮᠦ ᠡᠴᠡ 《ᠰᠢᠯᠢᠨ ᠲᠥᠷᠥ᠂ ᠴᠠᠬᠢᠮ ᠰᠢᠯᠵᠢᠯᠲᠡ ᠊ᠳᠦ ᠲᠠᠨ ᠊ᠤ ᠣᠷᠣᠯᠴᠠᠭ᠎ᠠ》 ᠠᠭᠤᠯᠵᠠᠯᠲᠠ ᠊ᠢᠢ ᠲᠥᠷᠥ᠂ ᠬᠤᠪ ᠤᠨ ᠬᠡᠪᠰᠢᠯ ᠤᠨ ᠬᠢᠨ᠂ ᠨᠡᠶᠢᠰᠯᠡᠯ ᠤᠨ ᠙ ᠳᠡᠭᠦᠷᠭᠡ ᠊ᠳᠦ ᠦᠶ᠎ᠡ ᠱᠠᠲᠤ ᠲᠠᠢ ᠪᠠᠷ ᠵᠣᠬᠢᠶᠠᠨ ᠪᠠᠶᠢᠭᠤᠯᠵᠤ ᠪᠠᠶᠢᠨ᠎ᠠ᠃

ᠠᠭᠤᠯᠵᠠᠯᠲᠠ ᠊ᠳᠤ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠂ ᠼᠠ᠊ ᠬᠥ᠊ ᠬᠠ᠊ ᠬᠣ᠊ ᠶᠠ᠊-᠊ᠤ ᠲᠥᠷᠥ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭ᠂ ᠪᠣᠳᠣᠯᠭ᠎ᠠ ᠊ᠢᠢᠨ ᠬᠡᠷᠡᠭᠵᠢᠯᠲᠡ ᠊ᠢᠢ ᠵᠣᠬᠢᠴᠠᠭᠤᠯᠬᠤ ᠭᠠᠵᠠᠷ ᠤᠨ ᠳᠠᠷᠤᠭ᠎ᠠ ᠪ ∙ ᠪᠢᠯᠢᠭᠳᠡᠮᠪᠡᠷᠢᠯ᠂ ᠲᠥᠷᠥ ᠊ᠢᠢᠨ ᠵᠠᠬᠢᠷᠭᠠᠨ ᠊ᠤ ᠤᠳᠤᠷᠢᠳᠤᠯᠭ᠎ᠠ ᠊ᠢᠢᠨ ᠭᠠᠵᠠᠷ ᠤᠨ ᠳᠠᠷᠤᠭ᠎ᠠ ᠼ ∙ ᠡᠷᠳᠡᠨᠢᠪᠠᠶᠠᠷ᠂ ᠬᠢᠨᠠᠯᠲᠠ ᠊ᠢᠢᠨ ᠭᠠᠵᠠᠷ ᠤᠨ ᠳᠠᠷᠤᠭ᠎ᠠ ᠰ ∙ ᠭᠠᠩᠵᠣᠷᠢᠭ᠂ ᠬᠠᠤᠯᠢ ᠊ᠢᠢᠨ ᠬᠡᠯᠲᠡᠰ ᠤᠨ ᠳᠠᠷᠤᠭ᠎ᠠ ᠯᠠ᠃ ᠨᠢᠮᠠᠳᠣᠷᠵᠢ᠂ ᠲᠥ᠊ ᠼᠠ᠊ ᠦ᠊ ᠽᠣ᠊ ᠭᠠ᠊- ᠤᠨ ᠳᠠᠷᠤᠭ᠎ᠠ ᠫ ∙ ᠪᠠᠲᠤᠪᠠᠭᠠᠲᠤᠷ᠂ ᠬᠠ᠊ ᠬᠣ᠊ ᠽᠣ᠊ ᠭᠠ᠊-ᠤᠨ ᠵᠣᠬᠢᠴᠠᠭᠤᠯᠤᠯᠲᠠ ᠊ᠢᠢᠨ ᠪᠣᠳᠣᠯᠭ᠎ᠠ ᠊ᠢᠢ ᠬᠡᠷᠡᠭᠵᠢᠭᠦᠯᠬᠦ ᠭᠠᠵᠠᠷ ᠤᠨ ᠳᠠᠷᠤᠭ᠎ᠠ ᠲ ∙ ᠪᠠᠲᠤᠪᠠᠯ ᠳᠤ᠂ ᠬᠠ᠊ ᠬᠣ᠊ ᠽᠣ᠊ ᠭᠠ᠊-ᠤᠨ ᠥᠷᠭᠡᠨ ᠨᠡᠪᠲᠡᠷᠡᠭᠦᠯᠭᠡ ᠊ᠢᠢᠨ ᠳᠠᠷᠤᠭ᠎ᠠ ᠡ᠊ ∙ ᠵᠣᠯᠪᠠᠶᠠᠷ᠂ ᠮᠣ᠊ ᠼᠠ᠊ ᠬᠣ᠊- ᠍᠊᠊ᠤ ᠵᠠᠬᠢᠷᠤᠯ ᠪ ∙ ᠴᠢᠨᠪᠠᠲ᠂ ᠷᠠ᠊ ᠲᠸ᠊ ᠦ᠊ ᠰᠦ᠊- ᠍᠊᠊ᠢᠢᠨ ᠵᠠᠬᠢᠷᠤᠯ ᠪ ∙ ᠳᠠᠭᠸᠠᠰᠦᠮᠪᠡᠷᠢᠯ ᠪᠣᠯᠤᠨ ᠬᠣᠯᠪᠣᠭᠳᠠᠬᠤ ᠠᠯᠪᠠᠨ ᠊ᠤ ᠬᠢᠨ ᠣᠷᠣᠯᠴᠠᠯ᠎ᠠ᠃

ᠨᠡᠶᠢᠲᠡᠯᠡᠭᠰᠡᠨ᠄