ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ ᠪᠦ᠊ ᠨᠠ᠊ ᠰᠣ᠊ ᠤ᠊  ᠲᠤ ᠵᠣᠬᠢᠶᠠᠨ ᠪᠠᠶᠢᠭᠤᠯᠤᠭᠳᠠᠵᠤ ᠪᠠᠶᠢᠭ᠎ᠠ 《ᠠᠽᠢᠶ᠎ᠠ ᠨᠣᠮᠣᠬᠠᠨ ᠳᠠᠯᠠᠢ ᠶᠢᠨ ᠳ᠋ᠢᠵᠢᠲᠠᠯ᠎ᠠ ᠰᠠᠶᠢᠳ ᠨᠠᠷ ᠤᠨ ᠪᠠᠭ᠎ᠠ ᠬᠤᠷᠠᠯ》 ᠍ ᠲᠤ ᠣᠷᠣᠯᠴᠠᠵᠤ ᠪᠠᠶᠢᠨ᠎ᠠ


2022 ᠣᠨ ᠤ 11 ᠍ ᠳᠤᠭᠠᠷ ᠰᠠᠷ᠎ᠠ ᠶᠢᠨ 9 ᠍ ᠰ 10 ᠍ ᠤ ᠡᠳᠦᠷ ᠦᠳ ᠲᠦ ᠪᠦ᠊ ᠨᠠ᠊ ᠰᠣ᠊ ᠤᠯᠤᠰ ᠤᠨ ᠰᠭᠦᠯ ᠬᠣᠲᠠᠨ ᠢᠶᠠᠨ ᠠᠽᠢᠶ᠎ᠠ ᠨᠣᠮᠣᠬᠠᠨ ᠳᠠᠯᠠᠢ ᠶᠢᠨ ᠳ᠋ᠢᠵᠢᠲᠠᠯ᠎ᠠ ᠰᠠᠶᠢᠳ ᠨᠠᠷ ᠤᠨ ᠪᠠᠭ᠎ᠠ ᠬᠤᠷᠠᠯ 《ᠳ᠋ᠢᠵᠢᠲᠠᠯ᠎ᠠ ᠰᠢᠯᠵᠢᠯᠲᠡ ᠶᠢᠨ ᠪᠣᠯᠤᠮᠵᠢ》 ᠰᠡᠳᠦᠪ ᠦᠨ ᠬᠦᠷᠢᠶᠡᠨ ᠳᠦ ᠵᠣᠬᠢᠶᠠᠨ ᠪᠠᠶᠢᠭᠤᠯᠤᠭᠳᠠᠵᠤ ᠪᠠᠶᠢᠨ᠎ᠠ.ᠤᠭ ᠬᠤᠷᠠᠯ ᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠠᠽᠢᠶ᠎ᠠ᠂ ᠨᠣᠮᠣᠬᠠᠨ ᠳᠠᠯᠠᠢ ᠶᠢᠨ ᠡᠳ᠋ ᠍ ᠦᠨ ᠵᠠᠰᠠᠭ᠂ ᠨᠡᠶᠢᠭᠡᠮ ᠦᠨ ᠺᠣᠮᠢᠰ (ᠠᠽᠢᠶ᠎ᠠ᠂ ᠨᠣᠮᠣᠬᠠᠨ ᠳᠠᠯᠠᠢ ᠶᠢᠨ ᠡᠳ᠋ ᠍ ᠦᠨ ᠵᠠᠰᠠᠭ᠂ ᠨᠡᠶᠢᠭᠡᠮ ᠦᠨ ᠺᠣᠮᠢᠰ) ᠪᠣᠯᠤᠨ ᠪᠦ᠊ ᠨᠠ᠊ ᠰᠣ᠊ ᠤᠯᠤᠰ ᠤᠨ ᠰᠢᠨᠵᠢᠯᠡᠬᠦ ᠤᠬᠠᠭᠠᠨ᠂ ᠮᠡᠳᠡᠭᠡᠯᠡᠯ ᠦᠨ ᠲᠧᠭᠨᠣᠯᠣᠭᠢ ᠶᠢᠨ ᠶᠠᠮᠤ (MSIT) ᠍ ᠲᠠᠢ ᠬᠠᠮᠲᠤᠷᠠᠨ ᠵᠣᠬᠢᠶᠠᠨ ᠪᠠᠶᠢᠭᠤᠯᠵᠤ ᠪᠠᠶᠢᠭ᠎ᠠ ᠪᠢᠯᠡ᠃

2022 ᠣᠨ ᠤ 5 ᠍ ᠳᠦᠭᠡᠷ ᠰᠠᠷ᠎ᠠ ᠳᠤ ᠪᠠᠲᠤᠯᠠᠭᠰᠠᠨ ᠠᠽᠢᠶ᠎ᠠ᠂ ᠨᠣᠮᠣᠬᠠᠨ ᠳᠠᠯᠠᠢ ᠶᠢᠨ ᠡᠳ᠋ ᠍ ᠦᠨ ᠵᠠᠰᠠᠭ᠂ ᠨᠡᠶᠢᠭᠡᠮ ᠤᠨ ᠺᠣᠮᠢᠰ ᠤᠨ 75 ᠵᠢᠯ ᠦᠨ ᠣᠢ ᠳᠤ ᠵᠣᠷᠢᠭᠤᠯᠤᠭᠰᠠᠨ ᠪᠠᠩ ᠢᠺᠣᠺ ᠤᠨ ᠲᠤᠩᠬᠠᠭᠯᠠᠯ ᠢᠶᠠᠷ 《ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠲᠣᠭᠲᠠᠪᠤᠷᠢᠲᠠᠢ ᠬᠥᠭᠵᠢᠯ ᠢ ᠠᠬᠢᠭᠤᠯᠬᠤ ᠨᠡᠶᠢᠲᠡᠯᠢᠭ ᠮᠥᠷ ᠦᠨ ᠬᠥᠲᠥᠯᠪᠦᠷᠢ》 ᠍ ᠢ ᠭᠡᠰᠢᠭᠦᠨ ᠣᠷᠣᠨ ᠨᠤᠭᠤᠳ ᠲᠤ ᠡᠭᠦᠷᠭᠡ ᠪᠣᠯᠭᠠᠭᠰᠠᠨ᠃ ᠡᠨᠡᠬᠦ ᠡᠭᠦᠷᠭᠡ ᠶᠢᠨ ᠳᠠᠭᠠᠤ ᠰᠠᠶᠢᠳ ᠨᠠᠷ ᠤᠨ ᠲᠦᠪᠰᠢᠨ ᠳᠦ ᠳ᠋ᠢᠵᠢᠲᠠᠯ᠎ᠠ ᠬᠠᠮᠲᠤ ᠶᠢᠨ ᠠᠵᠢᠯᠯᠠᠭ᠎ᠠ ᠶᠢ ᠰᠠᠶᠢᠵᠢᠷᠠᠭᠤᠯᠬᠤ᠂ ᠳ᠋ᠢᠵᠢᠲᠠᠯ᠎ᠠ ᠬᠤᠪᠢᠶᠠᠭᠳᠠᠯ ᠢ ᠠᠷᠢᠯᠭᠠᠬᠤ᠂ ᠳ᠋ᠢᠵᠢᠲᠠᠯ᠎ᠠ ᠤᠷ᠎ᠠ ᠴᠢᠳᠠᠪᠤᠷᠢ ᠶᠢ ᠰᠠᠶᠢᠵᠢᠷᠠᠭᠤᠯᠬᠤ᠂ ᠬᠠᠷᠢᠯᠴᠠᠭ᠎ᠠ ᠬᠣᠯᠪᠣᠭᠠᠨ ᠤ ᠳᠡᠳ᠋ ᠪᠦᠲᠦᠴᠡ ᠶᠢᠨ ᠬᠦᠷᠲᠡᠭᠡᠮᠵᠢ ᠶᠢ ᠨᠡᠮᠡᠭᠳᠡᠭᠦᠯᠬᠦ᠂ ᠳ᠋ᠢᠵᠢᠲᠠᠯ᠎ᠠ ᠢᠲᠡᠭᠡᠯᠴᠡᠯ᠂ ᠠᠶᠤᠯ ᠦᠭᠡᠢ ᠪᠠᠶᠢᠳᠠᠯ ᠤᠨ ᠠᠰᠠᠭᠤᠳᠠᠯ ᠢ ᠰᠢᠢᠳᠪᠦᠷᠢᠯᠡᠬᠦ᠂ ᠳ᠋ᠢᠵᠢᠲᠠᠯ᠎ᠠ ᠡᠳ᠋ ᠍ ᠦᠨ ᠵᠠᠰᠠᠭ ᠢ ᠪᠦᠰᠡ ᠨᠤᠲᠤᠭ ᠤᠨ ᠬᠦᠷᠢᠶᠡᠨ ᠳᠦ ᠬᠡᠷᠬᠢᠨ ᠬᠠᠮᠲᠤᠷᠠᠵᠤ ᠬᠥᠭᠵᠢᠭᠦᠯᠬᠦ ᠲᠠᠯ᠎ᠠ ᠪᠠᠷ ᠴᠢᠭᠤᠯᠵᠤ ᠪᠠᠶᠢᠨ᠎ᠠ᠃

《ᠠᠽᠢᠶ᠎ᠠ᠂ ᠨᠣᠮᠣᠬᠠᠨ ᠳᠠᠯᠠᠢ ᠶᠢᠨ ᠪᠦᠰᠡ ᠶᠢᠨ ᠳ᠋ᠢᠵᠢᠲᠠᠯ᠎ᠠ ᠰᠠᠶᠢᠳ ᠨᠠᠷ ᠤᠨ ᠠᠩᠬᠠᠳᠤᠭᠠᠷ ᠪᠠᠭ᠎ᠠ ᠬᠤᠷᠠᠯ-2022》 ᠨᠢ ᠳ᠋ᠢᠵᠢᠲᠠᠯ᠎ᠠ ᠰᠢᠯᠵᠢᠯᠲᠡ ᠶᠢ ᠠᠬᠢᠭᠤᠯᠬᠤ᠂ ᠪᠦᠰᠡ ᠨᠤᠲᠤᠭ ᠤᠨ ᠳ᠋ᠢᠵᠢᠲᠠᠯ᠎ᠠ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠨᠥᠬᠥᠴᠡᠯ ᠪᠠᠶᠢᠳᠠᠯ᠂ ᠰᠣᠷᠢᠯᠲᠠ ᠪᠡᠷᠬᠡᠰᠢᠶᠡᠯ᠂ ᠠᠷᠭ᠎ᠠ ᠵᠠᠮ ᠢ ᠬᠡᠯᠡᠯᠴᠡᠬᠦ ᠲᠣᠮᠣᠬᠠᠨ ᠪᠣᠯᠤᠮᠵᠢ ᠶᠤᠮ᠃

ᠡᠨᠡᠬᠦ ᠴᠢᠭᠤᠯᠭ᠎ᠠ ᠠᠭᠤᠯᠵᠠᠯᠲᠠ ᠳᠤ ᠴᠠ᠊ ᠬᠥ᠊ ᠬᠠ᠊ ᠬᠣᠯ᠊ ᠤ ᠰᠠᠶᠢᠳ ᠨ ∙ ᠤᠴᠠᠷᠠᠯ ᠮᠣᠩᠭᠣᠯ ᠤᠯᠤᠰ ᠤᠨ ᠴᠠᠬᠢᠮ ᠰᠢᠯᠵᠢᠯᠲᠡ ᠶᠢᠨ ᠥᠨᠥ ᠶᠢᠨ ᠪᠠᠶᠢᠳᠠᠯ᠂ ᠣᠯᠤᠯᠲᠠ ᠠᠮᠵᠢᠯᠲᠠ᠂ ᠪᠤᠢ ᠪᠣᠯᠵᠤ ᠪᠤᠢ ᠪᠣᠯᠤᠮᠵᠢ ᠨᠤᠭᠤᠳ ᠤᠨ ᠲᠠᠯ᠎ᠠ ᠪᠠᠷ ᠲᠠᠨᠢᠯᠴᠠᠭᠤᠯᠵᠤ ᠪᠠᠶᠢᠨ᠎ᠠ᠃

ᠨᠡᠶᠢᠲᠡᠯᠡᠭᠰᠡᠨ᠄