ᠲᠥ᠊ ᠼᠠ᠊ ᠦ᠊ ᠽᠣ᠊ ᠭᠠ᠊-ᠤᠨ ᠳᠠᠷᠤᠭ᠎ᠠ ᠫ ∙ ᠪᠠᠲᠤᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠬᠥᠪᠰᠥᠭᠥᠯ ᠠᠶᠢᠮᠠᠭ ᠲᠤ ᠠᠵᠢᠯᠯᠠᠵᠤ ᠪᠠᠶᠢᠨ᠎ᠠ


《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠰᠤᠷᠭᠠᠯᠲᠠ᠂ ᠦᠨᠡᠯᠡᠭᠡ ᠠᠷᠭ᠎ᠠ ᠬᠡᠮᠵᠢᠶᠡᠨ ᠊ᠤ ᠬᠦᠷᠢᠶᠡᠨ ᠊ᠳᠦ ᠲᠥᠷᠥ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠭᠠᠵᠠᠷ ᠤᠨ ᠳᠠᠷᠤᠭ᠎ᠠ ᠫ ∙ ᠪᠠᠲᠤᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠬᠥᠪᠰᠥᠭᠥᠯ ᠠᠶᠢᠮᠠᠭ ᠤᠨ ᠵᠠᠰᠠᠭ ᠳᠠᠷᠤᠭ᠎ᠠ ᠫ ∙ ᡀᠠᠪᠠᠵᠠᠪ᠂ ᠽᠠ᠊ ᠳᠠ᠊ ᠲᠠ᠊ ᠭᠠ᠊-ᠤᠨ ᠲᠥᠷᠥ ᠊ᠢᠢᠨ ᠵᠠᠬᠢᠷᠭ᠎ᠠ ᠤᠳᠤᠷᠢᠳᠤᠯᠭ᠎ᠠ ᠊ᠢᠢᠨ ᠬᠡᠯᠲᠡᠰ ᠤᠨ ᠳᠠᠷᠤᠭ᠎ᠠ ᠬ ∙ ᠴᠢᠨᠳᠦ-ᠠᠶᠤᠱᠢ ᠨᠠᠷ ᠲᠠᠢ ᠠᠭᠤᠯᠵᠠᠵᠤ᠂ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢᠨ ᠲᠠᠨᠢᠯᠴᠠᠭᠤᠯᠵᠤ᠂ ᠰᠠᠨᠠᠯ ᠰᠣᠯᠢᠯᠴᠠᠯ᠎ᠠ᠃

ᠡᠨᠡᠬᠦ ᠠᠭᠤᠯᠵᠠᠯᠲᠠ ᠪᠠᠷ ᠲᠤᠰ ᠠᠶᠢᠮᠠᠭ ᠤᠨ ᠵᠠᠰᠠᠭ ᠳᠠᠷᠤᠭ᠎ᠠ ᠫ ∙ ᡀᠠᠪᠠᠵᠠᠪ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢ ᠳᠡᠮᠵᠢᠵᠦ ᠠᠵᠢᠯᠯᠠᠬᠤ ᠪᠠᠨ ᠢᠯᠡᠷᠬᠡᠶᠢᠯᠡᠵᠦ᠂ 《ᠴᠠᠬᠢᠮ-ᠬᠥᠪᠰᠥᠭᠥᠯ》 ᠬᠥᠲᠦᠯᠪᠦᠷᠢ ᠊ᠢᠢᠨ ᠲᠥᠰᠦᠯ ᠢ ᠪᠣᠯᠪᠠᠰᠤᠷᠠᠭᠤᠯᠵᠤ᠂ ᠠᠶᠢᠮᠠᠭ ᠤᠨ ᠢᠷᠭᠡᠨ ᠊ᠤ ᠲᠥᠯᠦᠭᠡᠯᠡᠭᠴᠢᠳ ᠤᠨ ᠬᠤᠷᠠᠯ ᠪᠠᠷ ᠪᠠᠲᠤᠯᠠᠭᠤᠯᠵᠤ ᠠᠵᠢᠯᠯᠠᠬᠤ ᠪᠠᠷ ᠬᠡᠯᠡᠯᠴᠡᠯ᠎ᠡ᠃

ᠬᠥᠪᠰᠥᠭᠥᠯ ᠠᠶᠢᠮᠠᠭ ᠤᠨ ᠲᠤᠬᠠᠢ ᠊ᠳᠤ ᠑᠒᠖ ᠮᠢᠩᠭᠠ ᠭᠠᠷᠤᠢ ᠬᠦᠮᠦᠨ ᠠᠮᠠ ᠲᠠᠢ ᠪᠠ ᠬᠠᠮᠤᠭ ᠤᠨ ᠣᠯᠠᠨ ᠬᠦᠮᠦᠨ ᠲᠡᠢ ᠠᠶᠢᠮᠠᠭ ᠲᠡᠳᠦᠢ ᠦᠭᠡᠢ ᠬᠠᠯᠬ᠎ᠠ᠂ ᠳᠠᠷᠬᠠᠳ᠂ ᠬᠣᠲᠣᠭᠣᠶᠢᠳ᠂ ᠤᠷᠢᠶᠠᠩᠬᠠᠢ ᠶᠠᠰᠤᠲᠠᠨ ᠵᠣᠩᠬᠢᠯᠠᠳᠠᠭ᠂ ᠴᠠᠲᠠᠨ ᠣᠲᠣᠭ ᠤᠨ ᠬᠦᠮᠦᠰ ᠴᠥᠭᠡᠨ ᠲᠣᠭ᠎ᠠ ᠪᠠᠷ ᠠᠵᠤ ᠲᠥᠷᠦᠳᠡᠭ ᠭᠡᠳᠡᠭ ᠊ᠢᠢᠠᠷ ᠊ᠢᠢᠡᠨ ᠣᠨᠴᠠᠯᠢᠭ ᠲᠠᠢ᠃ ᠠᠶᠢᠮᠠᠭ ᠤᠨ ᠡᠳ᠋ ᠍ ᠊ᠢᠢᠨ ᠵᠠᠰᠠᠭ ᠤᠨ ᠲᠡᠷᠢᠭᠦᠯᠡᠬᠦ ᠴᠢᠭᠯᠡᠯ ᠨᠢ ᠠᠶᠠᠯᠠᠯ ᠵᠢᠭᠤᠯᠴᠢᠯᠠᠯ ᠪᠥᠭᠡᠳ ᠤᠭ ᠰᠠᠯᠪᠤᠷᠢ ᠊ᠳᠤ ᠲᠦᠯᠬᠢᠭᠦᠦ ᠠᠩᠬᠠᠷᠤᠭᠰᠠᠨ ᠴᠠᠬᠢᠮ ᠬᠥᠲᠥᠯᠪᠦᠷᠢ ᠊ᠢᠢ ᠪᠣᠯᠪᠠᠰᠤᠷᠠᠭᠤᠯᠬᠤ ᠨᠢ ᠴᠢᠬᠤᠯᠠ ᠭᠡᠳᠡᠭ ᠢ ᠥᠨᠥᠳᠥᠷ ᠤᠨ ᠠᠭᠤᠯᠵᠠᠯᠲᠠ ᠪᠠᠷ ᠣᠨᠴᠠᠯᠠᠪᠠ᠃

ᠲᠥ᠊ ᠼᠠ᠊ ᠦ᠊ ᠽᠣ᠊ ᠭᠠ᠊-ᠤᠨ ᠳᠠᠷᠤᠭ᠎ᠠ ᠫ ∙ ᠪᠠᠲᠤᠪᠠᠭᠠᠲᠤᠷ ᠊ᠢᠢᠠᠷ ᠠᠬᠠᠯᠠᠭᠤᠯᠤᠭᠰᠠᠨ ᠳᠡᠭᠡᠷᠡᠬᠢ ᠠᠵᠢᠯ ᠤᠨ ᠬᠡᠰᠡᠭ ᠬᠥᠪᠰᠥᠭᠥᠯ ᠠᠶᠢᠮᠠᠭ ᠲᠤ ᠡᠨᠡ ᠰᠠᠷ᠎ᠠ ᠊ᠢᠢᠨ ᠒᠕᠂ ᠒᠖ ᠍ ᠊ᠤ ᠡᠳᠦᠷ ᠤᠳ ᠲᠦ ᠠᠵᠢᠯᠯᠠᠵᠤ᠂ ᠢᠷᠭᠡᠳ ᠪᠣᠯᠤᠨ ᠲᠥᠷᠥ ᠊ᠢᠢᠨ ᠠᠯᠪᠠᠨ ᠬᠠᠭᠠᠭᠴᠢᠳ ᠲᠤ ᠰᠤᠷᠭᠠᠯᠲᠠ ᠮᠡᠳᠡᠭᠡᠯᠡᠯ ᠥᠭᠭᠦᠨ᠎ᠡ᠃

ᠨᠡᠶᠢᠲᠡᠯᠡᠭᠰᠡᠨ᠄