《ᠳᠠᠯᠠᠢ ᠊ᠳᠤ ᠭᠠᠷᠤᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠴᠠᠬᠢᠮ ᠬᠥᠭᠵᠢᠯ》 ᠰᠡᠳᠦᠪᠲᠦ ᠰᠧᠮᠢᠨᠠᠷ ᠪᠣᠯᠵᠤ ᠪᠠᠶᠢᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠣᠯᠤᠨ ᠳᠠᠯᠠᠢ ᠊ᠳᠤ ᠭᠠᠷᠤᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠊ᠤ ᠲᠥᠪ ᠍ ᠤᠨ ᠣᠯᠠᠨ ᠤᠯᠤᠰ ᠤᠨ ᠴᠠᠬᠢᠯᠭᠠᠨ ᠬᠣᠯᠪᠣᠭᠠᠨ ᠊ᠤ ᠪᠠᠶᠢᠭᠤᠯᠤᠯᠭ᠎ᠠ (ᠣᠯᠠᠨ ᠤᠯᠤᠰ ᠤᠨ ᠴᠠᠬᠢᠯᠭᠠᠨ ᠬᠣᠯᠪᠣᠭᠠᠨ ᠊ᠤ ᠪᠠᠶᠢᠭᠤᠯᠤᠯᠭ᠎ᠠ)᠂ ᠬᠠᠷᠢᠯᠴᠠᠭ᠎ᠠ ᠬᠣᠯᠪᠣᠭᠠᠨ ᠊ᠤ ᠵᠣᠬᠢᠴᠠᠭᠤᠯᠬᠤ ᠬᠣᠷᠢᠶ᠎ᠠ ᠬᠠᠮᠲᠤᠷᠠᠨ 《ᠠᠽᠢᠶ᠎ᠠ ᠪᠣᠯᠤᠨ ᠲᠤᠰᠠᠭᠠᠷ ᠤᠯᠤᠰ ᠤᠳ ᠤᠨ ᠬᠠᠮᠲᠤ ᠊ᠢᠢᠨ ᠨᠥᠬᠥᠷᠯᠡᠯ ᠤᠨ ᠳᠠᠯᠠᠢ ᠊ᠳᠤ ᠭᠠᠷᠤᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠴᠠᠬᠢᠮ ᠬᠥᠭᠵᠢᠯ》 ᠰᠡᠳᠦᠪᠲᠦ ᠰᠧᠮᠢᠨᠠᠷ ᠢ ᠒᠐᠒᠓ ᠣᠨ ᠊ᠤ ᠙ ᠳᠦᠭᠡᠷ ᠰᠠᠷ᠎ᠠ ᠊ᠢᠢᠨ ᠒᠖-᠒᠘ ᠍ ᠊ᠤ ᠡᠳᠦᠷ ᠤᠳ ᠲᠦ ᠤᠯᠠᠭᠠᠨᠪᠠᠭᠠᠲᠤᠷ ᠬᠣᠲᠣᠩ ᠊ᠢᠢᠠᠨ ᠵᠣᠬᠢᠶᠠᠨ ᠪᠠᠶᠢᠭᠤᠯᠵᠤ ᠪᠠᠶᠢᠨ᠎ᠠ᠃

ᠳᠠᠯᠠᠢ ᠊ᠳᠤ ᠭᠠᠷᠤᠴᠠ ᠦᠭᠡᠢ ᠬᠥᠭᠵᠢᠵᠦ ᠪᠤᠢ ᠣᠷᠣᠨ ᠨᠤᠭᠤᠳ ᠤᠨ ᠬᠤᠪᠢ ᠊ᠳᠤ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠊ᠤ ᠲᠧᠭᠨᠣᠯᠣᠭᠢ ᠊ᠢᠢᠨ ᠪᠣᠳᠣᠯᠭ᠎ᠠ ᠪᠣᠯᠪᠠᠰᠤᠷᠠᠭᠤᠯᠬᠤ᠂ ᠵᠣᠬᠢᠴᠠᠭᠤᠯᠤᠯᠲᠠ ᠊ᠢᠢᠨ ᠳᠦᠷᠢᠮ᠂ ᠵᠢᠷᠤᠮ ᠢ ᠰᠢᠨᠡᠳᠭᠡᠬᠦ ᠨᠢ ᠲᠤᠯᠭᠠᠮᠳᠠᠭᠰᠠᠨ ᠠᠰᠠᠭᠤᠳᠠᠯ ᠤᠳ ᠤᠨ ᠨᠢᠭᠡ ᠪᠣᠯᠤᠭᠠᠳ ᠪᠠᠶᠢᠨ᠎ᠠ᠃ ᠡᠳᠡᠭᠡᠷ ᠣᠷᠣᠨ ᠨᠤᠭᠤᠳ ᠲᠤ ᠊ᠢᠢᠨ ᠦᠷ᠎ᠡ ᠳ᠋ᠦᠩ ᠲᠡᠢ ᠪᠣᠳᠣᠯᠭ᠎ᠠ ᠊ᠢᠢ ᠪᠣᠯᠪᠠᠰᠤᠷᠠᠭᠤᠯᠵᠤ ᠬᠡᠷᠡᠭᠵᠢᠭᠦᠯᠬᠦ ᠳᠦ ᠣᠯᠠᠨ ᠤᠯᠤᠰ ᠤᠨ ᠬᠣᠯᠪᠣᠯᠲᠠ ᠪᠣᠯᠤᠨ ᠢᠨᠲ᠋ᠧᠷᠨᠡᠲ ᠲᠦ ᠨᠡᠪᠲᠡᠷᠡᠬᠦ ᠪᠣᠯᠤᠮᠵᠢ ᠬᠢᠵᠠᠭᠠᠷᠯᠠᠭᠳᠠᠮᠠᠯ᠂ ᠪᠦᠬᠦ ᠨᠡᠶᠢᠲᠡ ᠊ᠢᠢᠨ ᠬᠣᠯᠪᠣᠯᠲᠠ ᠊ᠢᠢᠨ ᠭᠠᠵᠠᠷᠵᠦᠢ ᠊ᠢᠢᠨ ᠪᠣᠯᠤᠨ ᠪᠠᠶᠢᠷᠢ ᠵᠦᠢ ᠊ᠢᠢᠨ ᠨᠠᠷᠢᠨ ᠲᠥᠪᠡᠭᠲᠡᠢ ᠪᠠᠶᠢᠳᠠᠯ᠂ ᠬᠢᠯᠢ ᠳᠠᠮᠨᠠᠭᠰᠠᠨ ᠵᠣᠬᠢᠴᠠᠭᠤᠯᠤᠯᠲᠠ ᠊ᠢᠢᠨ ᠨᠠᠷᠢᠨ ᠲᠥᠪᠡᠭᠲᠡᠢ ᠪᠠᠶᠢᠳᠠᠯ᠂ ᠵᠠᠬ᠎ᠠ ᠵᠡᠭᠡᠯᠢ ᠊ᠢᠢᠨ ᠬᠢᠵᠠᠭᠠᠷᠯᠠᠭᠳᠠᠮᠠᠯ ᠬᠡᠮᠵᠢᠶ᠎ᠡ᠂ ᠤᠷ᠎ᠠ ᠴᠢᠳᠠᠪᠤᠷᠢ ᠊ᠢᠢᠨ ᠬᠣᠮᠰᠠᠳᠠᠯ ᠪᠠ ᠬᠦᠮᠦᠨ ᠊ᠤ ᠨᠥᠭᠡᠴᠡ ᠊ᠢᠢᠨ ᠠᠰᠠᠭᠤᠳᠠᠯ᠂ ᠬᠥᠷᠰᠢ ᠵᠡᠷᠭᠡᠯᠡᠳᠡᠭᠡ ᠣᠷᠣᠨ ᠨᠤᠭᠤᠳ ᠡᠴᠠ ᠬᠠᠷᠠᠭᠠᠲᠤ ᠪᠠᠶᠢᠳᠠᠯ ᠵᠡᠷᠭᠡ ᠣᠯᠠᠨ ᠰᠠᠭᠠᠳ ᠪᠡᠷᠬᠡᠰᠢᠶᠡᠯ ᠲᠤᠯᠭᠠᠷᠴᠢ ᠪᠠᠶᠢᠨ᠎ᠠ᠃

ᠡᠨᠡ ᠬᠦᠷᠢᠶᠡᠨ ᠊ᠳᠦ ᠳᠠᠯᠠᠢ ᠊ᠳᠤ ᠭᠠᠷᠤᠴᠠ ᠦᠭᠡᠢ ᠬᠥᠭᠵᠢᠵᠦ ᠪᠤᠢ ᠣᠷᠣᠨ ᠨᠤᠭᠤᠳ ᠲᠤ ᠲᠤᠯᠭᠠᠷᠴᠢ ᠪᠤᠢ ᠨᠡᠶᠢᠲᠡᠯᠢᠭ ᠰᠣᠷᠢᠯᠲᠠᠳ ᠴᠢᠭᠯᠡᠭᠰᠡᠨ ᠠᠷᠭ᠎ᠠ ᠬᠡᠮᠵᠢᠶ᠎ᠡ ᠊ᠢᠢ ᠵᠣᠬᠢᠶᠠᠨ ᠪᠠᠶᠢᠭᠤᠯᠵᠤ᠂ ᠲᠠᠰᠤᠷᠠᠯᠲᠠ ᠦᠭᠡᠢ ᠥᠰᠦᠨ ᠨᠡᠮᠡᠭᠳᠡᠵᠦ ᠪᠤᠢ ᠴᠠᠬᠢᠮ ᠬᠥᠭᠵᠢᠯ ᠤᠨ ᠰᠠᠯᠪᠤᠷᠢ ᠊ᠳᠤ ᠬᠡᠷᠡᠭᠵᠢᠭᠦᠯᠬᠦ ᠱᠠᠭᠠᠷᠳᠠᠯᠭ᠎ᠠ ᠲᠠᠢ ᠠᠷᠭ᠎ᠠ ᠬᠡᠮᠵᠢᠶ᠎ᠡ ᠨᠦᠭᠦᠳ ᠪᠣᠯᠤᠨ ᠴᠢᠨᠠᠭᠰᠢᠳᠠ ᠊ᠢᠢᠨ ᠬᠥᠭᠵᠢᠯ ᠤᠨ ᠴᠢᠭ ᠬᠠᠨᠳᠤᠯᠭ᠎ᠠ ᠊ᠢᠢᠨ ᠲᠠᠯ᠎ᠠ ᠪᠠᠷ ᠤᠨ ᠰᠠᠯᠪᠤᠷᠢ ᠊ᠢᠢᠨ ᠮᠡᠷᠭᠡᠵᠢᠯᠲᠡᠨ ᠨᠦᠭᠦᠳ ᠤᠨ ᠣᠷᠣᠯᠴᠠᠭ᠎ᠠ ᠲᠠᠢ ᠬᠡᠯᠡᠯᠴᠡᠨ᠎ᠡ᠃

ᠤᠭ ᠰᠧᠮᠢᠨᠠᠷ ᠊ᠳᠤ ᠪᠤᠲᠤᠩ᠂ ᠯ ᠠᠴᠠ᠂ ᠪᠠᠯᠪᠠ᠂ ᠮᠣᠩᠭᠣᠯ ᠵᠡᠷᠭᠡ ᠣᠷᠣᠨ ᠊ᠤ ᠮᠡᠷᠭᠡᠵᠢᠯᠲᠡᠨ ᠨᠦᠭᠦᠳ ᠲᠤᠷᠰᠢᠯᠭ᠎ᠠ ᠬᠤᠪᠢᠶᠠᠯᠴᠠᠬᠤ ᠪᠥᠭᠡᠳ  ᠒᠐᠒᠓ ᠣᠨ ᠊ᠳᠤ ᠬᠢᠭᠰᠡᠨ 《ᠮᠣᠩᠭᠣᠯ ᠤᠯᠤᠰ ᠲᠤ ᠳ᠋ᠢᠵᠢᠲᠠᠯ᠎ᠠ ᠲᠧᠭᠨᠣᠯᠣᠭᠢ ᠊ᠢᠢᠨ ᠪᠦᠲᠦᠭᠡᠭᠳᠡᠬᠦᠨ᠂ ᠦᠢᠯᠡᠴᠢᠯᠡᠭᠡᠨ ᠊ᠤ ᠣᠶᠤᠨ ᠊ᠤ ᠥᠮᠴᠢ᠂ ᠵᠣᠬᠢᠶᠠᠭᠴᠢ ᠊ᠢᠢᠨ ᠡᠷᠬᠡ ᠊ᠢᠢᠨ ᠫᠠᠲ᠋ᠧᠨᠲ ᠤᠨ ᠵᠠᠬ᠎ᠠ ᠵᠡᠭᠡᠯᠢ ᠊ᠢᠢ ᠬᠥᠭᠵᠢᠭᠦᠯᠬᠦ ᠪᠣᠳᠣᠯᠭ᠎ᠠ᠂ ᠵᠣᠬᠢᠴᠠᠭᠤᠯᠤᠯᠲᠠ ᠊ᠢᠢᠨ ᠲᠣᠭᠲᠠᠯᠴᠠᠭ᠎ᠠ ᠊ᠢᠢ ᠦᠨᠡᠯᠡᠬᠦ》 ᠰᠤᠳᠤᠯᠭᠠᠨ ᠊ᠤ ᠪᠠᠨ ᠭᠣᠣᠯ ᠦᠷ᠎ᠡ ᠳ᠋ᠦᠩ ᠢ ᠲᠠᠨᠢᠯᠴᠠᠭᠤᠯᠤᠨ᠎ᠠ᠃

ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠊ᠤ ᠲᠥᠷᠦ ᠊ᠤᠢᠨ ᠨᠠᠷᠢᠨ ᠪᠢᠴᠢᠭ ᠊ᠤᠨ ᠳᠠᠷᠤᠭ᠎ᠠ ᠪ ∙ ᠪᠠᠲᠤᠴᠡᠴᠡᠭ᠂ ᠣᠯᠠᠨ ᠤᠯᠤᠰ ᠤᠨ ᠴᠠᠬᠢᠯᠭᠠᠨ ᠬᠣᠯᠪᠣᠭᠠᠨ ᠊ᠤ ᠪᠠᠶᠢᠭᠤᠯᠤᠯᠭ᠎ᠠ ᠤᠨ ᠠᠽᠢᠶ᠎ᠠ᠂ ᠨᠣᠮᠣᠬᠠᠨ ᠳᠠᠯᠠᠢ ᠊ᠢᠢᠨ ᠪᠦᠰᠡ ᠊ᠢᠢᠨ ᠭᠠᠵᠠᠷ ᠤᠨ ᠵᠠᠬᠢᠷᠤᠯ᠂ ᠬᠠᠲᠤᠭᠲᠠᠢ ᠠᠼᠺᠣ ᠣᠺᠳᠠ᠂ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠊ᠢᠢᠨ ᠰᠠᠭᠤᠷᠢᠨ ᠵᠣᠬᠢᠴᠠᠭᠤᠯᠤᠭᠴᠢ ᠨᠣᠶᠠᠨ ᠲᠠᠫᠠᠨ ᠮᠢᠰᠢᠷᠠ᠂  ᠭᠦᠢᠴᠡᠳᠭᠡᠬᠦ ᠵᠠᠬᠢᠷᠤᠯ ᠳ ∙ ᠳᠥᠯᠥᠭᠡᠨ ᠨᠠᠷ ᠰᠧᠮᠢᠨᠠᠷ ᠊ᠳᠤ ᠣᠷᠣᠯᠴᠠᠵᠤ᠂ ᠨᠡᠭᠡᠭᠡᠯᠲᠡ ᠊ᠢᠢᠨ ᠦᠭᠡ ᠬᠡᠯᠡᠯ᠎ᠡ᠃

ᠨᠡᠶᠢᠲᠡᠯᠡᠭᠰᠡᠨ᠄