《ᠵᠧᠨᠳᠧᠷ ᠤᠨ ᠡᠷᠬᠡ ᠲᠡᠭᠰᠢ ᠪᠠᠶᠢᠳᠠᠯ ᠢ ᠬᠠᠩᠭᠠᠬᠤ ᠦᠢᠯᠡ ᠠᠵᠢᠯᠯᠠᠭᠠᠨ ᠊ᠤ ᠬᠡᠷᠡᠭᠵᠢᠯᠲᠡ᠂ ᠦᠷ᠎ᠡ ᠳᠦᠩ ᠤᠨ ᠲᠠᠯᠠᠭᠠᠷᠬᠢ ᠵᠠᠰᠠᠭ ᠤᠨ ᠭᠠᠵᠠᠷ ᠤᠨ ᠲᠠᠶᠢᠯᠤᠨ》ᠤᠨ ᠲᠥᠰᠥᠯ ᠢ ᠬᠡᠯᠡᠯᠴᠡᠯ᠎ᠡ


ᠵᠧᠨᠳᠡᠷ ᠊ᠤᠨ ᠦᠨᠳᠦᠰᠦᠨ ᠊ᠤ ᠬᠣᠷᠢᠶᠠᠨ ᠡᠴᠠ 《ᠵᠧᠨᠳᠡᠷ ᠤᠨ ᠡᠷᠬᠡ ᠲᠡᠭᠰᠢ ᠪᠠᠶᠢᠳᠠᠯ ᠢ ᠬᠠᠩᠭᠠᠬᠤ ᠦᠢᠯᠡ ᠠᠵᠢᠯᠯᠠᠭᠠᠨ ᠊ᠤ ᠬᠡᠷᠡᠭᠵᠢᠯᠲᠡ᠂ ᠦᠷ᠎ᠡ ᠳᠦᠩ ᠤᠨ ᠲᠠᠯᠠᠭᠠᠷᠬᠢ ᠵᠠᠰᠠᠭ ᠤᠨ ᠭᠠᠵᠠᠷ ᠤᠨ ᠲᠠᠶᠢᠯᠤᠨ》 ᠍ ᠤᠨ ᠲᠥᠰᠥᠯ ᠢ ᠼᠠ᠊ ᠬᠥ᠊ ᠬᠠ᠊ ᠬᠣ᠊-᠊ᠤ ᠵᠧᠨᠳᠡᠷ ᠤᠨ ᠰᠠᠯᠪᠤᠷᠢ ᠵᠥᠪᠯᠡᠯ ᠤᠨ ᠭᠡᠰᠢᠭᠦᠳ ᠊ᠳᠦ ᠲᠠᠨᠢᠯᠴᠠᠭᠤᠯᠵᠤ᠂ ᠰᠠᠯᠪᠤᠷᠢ ᠳᠤᠮᠳᠠ ᠊ᠢᠢᠨ ᠵᠣᠬᠢᠴᠠᠭᠤᠯᠤᠯᠲᠠ ᠊ᠢᠢᠨ ᠬᠦᠷᠢᠶᠡᠨ ᠊ᠳᠦ ᠮᠡᠳᠡᠭᠡᠯᠡᠯ ᠰᠣᠯᠢᠯᠴᠠᠯ᠎ᠠ᠃

ᠲᠥᠰᠦᠯ ᠦᠨ ᠲᠠᠨᠢᠯᠴᠠᠭᠤᠯᠭ᠎ᠠ ᠳᠤ ᠵᠧᠨᠳᠡᠷ ᠦᠨ ᠮᠡᠳᠡᠷᠡᠮᠵᠢ ᠲᠡᠢ ᠪᠣᠳᠣᠯᠭ᠎ᠠ᠂ ᠲᠥᠯᠦᠪᠯᠡᠯᠲᠡ ᠶᠢᠨ ᠠᠵᠢᠯ ᠤᠨ ᠶᠠᠪᠤᠴᠠ᠂ ᠭᠦᠢᠴᠡᠳᠬᠡᠯ᠂ ᠲᠠᠶᠢᠯᠤᠩᠨᠠᠯᠲᠠ᠂ ᠦᠷ᠎ᠡ ᠳ᠋ᠦᠩ᠂ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ᠂ ᠲᠣᠭᠲᠠᠯᠴᠠᠭ᠎ᠠ᠂ ᠵᠧᠨᠳᠡᠷ ᠦᠨ ᠮᠡᠳᠡᠷᠡᠮᠵᠢ ᠲᠡᠢ ᠲᠥᠰᠥᠪᠯᠡᠯᠲᠡ᠂ ᠰᠠᠩᠬᠦᠦ ᠶᠢᠨ ᠤᠳᠤᠷᠢᠳᠤᠯᠭ᠎ᠠ᠂ ᠬᠢᠨᠠᠯᠲᠠ᠂ ᠰᠢᠨᠵᠢᠯᠡᠭᠡ᠂ ᠦᠨᠡᠯᠡᠭᠡ᠂ ᠵᠧᠨᠳᠡᠷ ᠰᠤᠳᠤᠯᠤᠯ ᠢ ᠬᠥᠭᠵᠢᠭᠦᠯᠬᠦ ᠵᠡᠷᠭᠡ ᠴᠢᠭᠯᠡᠯᠡᠷᠬᠡ ᠠᠵᠢᠯ ᠤᠨ ᠶᠠᠪᠤᠴᠠ᠂ ᠦᠷ᠎ᠡ ᠳ᠋ᠦᠩ ᠦᠨ ᠲᠠᠯ᠎ᠠ ᠪᠠᠷ ᠬᠡᠯᠡᠯᠴᠡᠪᠡ᠃

ᠤᠯᠵᠠᠯᠲᠠ ᠊ᠢᠢᠨ ᠦᠷ᠎ᠡ ᠳᠦᠩ ᠳᠦ ᠼᠠ᠊ ᠬᠥ᠊ ᠬᠠ᠊ ᠬᠣ᠊ ᠶᠠ᠊- ᠍᠊ᠳᠦ ᠳᠠᠷᠠᠭᠠᠬᠢ ᠵᠥᠪᠯᠡᠮᠵᠢ ᠊ᠢᠢ ᠬᠦᠷᠭᠡᠭᠦᠯᠪᠡ᠃ ᠡᠭᠦᠨ ᠊ᠳᠦ᠄

✅》ᠵᠧᠨᠳᠡᠷ ᠤᠨ ᠡᠷᠬᠡ ᠲᠡᠭᠰᠢ ᠪᠠᠶᠢᠳᠠᠯ ᠊ᠢ ᠬᠠᠩᠭᠠᠬᠤ ᠰᠠᠯᠪᠤᠷᠢ ᠳᠤᠮᠳᠠ ᠊ᠢᠢᠨ ᠰᠲᠷᠠᠲ᠋ᠧᠭᠢ ᠲᠥᠯᠥᠪᠯᠡᠭᠡ /᠒᠐᠒᠒-᠒᠐᠓᠑/》 ᠍ ᠢ ᠬᠡᠷᠡᠭᠵᠢᠭᠦᠯᠬᠦ ᠰᠠᠯᠪᠤᠷᠢ ᠊ᠢᠢᠨ ᠵᠧᠨᠳᠡᠷ ᠤᠨ ᠪᠣᠳᠣᠯᠭ᠎ᠠ ᠊ᠢᠢᠨ ᠬᠡᠷᠡᠭᠵᠢᠯᠲᠡ ᠪᠡᠷ ᠳᠡᠮᠵᠢᠬᠦ;

✅ᠲᠥᠷᠦ ᠊ᠢᠢᠨ ᠪᠠᠶᠢᠭᠤᠯᠤᠯᠭ᠎ᠠ ᠊ᠢᠢᠨ ᠪᠣᠳᠣᠯᠭ᠎ᠠ ᠲᠥᠯᠦᠪᠯᠡᠯᠲᠡ ᠊ᠢᠢᠨ ᠨᠢᠭᠡᠴᠡ ᠊ᠢᠢᠨ ᠵᠧᠨᠳᠡᠷ ᠤᠨ ᠰᠲ᠋ᠠᠲ᠋ᠢᠰᠲ᠋ᠢᠺ᠂ ᠳ᠋ᠦᠩ ᠰᠢᠨᠵᠢᠯᠡᠭᠡᠨ ᠊ᠤ ᠦᠷ᠎ᠡ ᠳ᠋ᠦᠩ ᠢ ᠠᠰᠢᠭᠯᠠᠬᠤ ᠴᠢᠳᠠᠪᠬ᠎ᠠ ᠶᠢ ᠨᠡᠮᠡᠭᠳᠡᠭᠦᠯᠬᠦ;

✅ᠠᠵᠢᠯ ᠤᠨ ᠪᠠᠶᠢᠷᠢ ᠶᠢ ᠵᠧᠨᠳᠡᠷ ᠤᠨ ᠮᠡᠳᠡᠷᠡᠮᠵᠢ ᠲᠡᠢ ᠪᠣᠯᠭᠠᠬᠤ ᠳᠤ ᠴᠢᠭᠯᠡᠭᠰᠡᠨ ᠪᠣᠳᠣᠯᠭ᠎ᠠ᠂ ᠲᠥᠯᠦᠪᠯᠡᠯᠲᠡ ᠊ᠢᠢ ᠬᠡᠷᠡᠭᠵᠢᠭᠦᠯᠬᠦ᠂ ᠰᠠᠯᠪᠤᠷᠢ ᠊ᠳᠤ ᠠᠵᠢᠯᠯᠠᠭᠰᠠᠳ ᠤᠨ ᠠᠵᠢᠯ ᠤᠨ ᠪᠠᠶᠢᠷᠢᠨ ᠊ᠤ ᠵᠧᠨᠳᠡᠷ ᠤᠨ ᠮᠡᠳᠡᠷᠡᠮᠵᠢ ᠲᠡᠢ ᠪᠠᠶᠢᠳᠠᠯ ᠢ ᠦᠨᠡᠯᠡᠵᠦ᠂ ᠬᠣᠯᠪᠣᠭᠳᠠᠬᠤ ᠵᠥᠪᠯᠡᠮᠵᠢ ᠊ᠢᠢ ᠬᠡᠷᠡᠭᠵᠢᠭᠦᠯᠵᠦ ᠠᠵᠢᠯᠯᠠᠬᠤ᠃

✅ᠪᠠᠶᠢᠭᠤᠯᠤᠯᠭ᠎ᠠ ᠊ᠢᠢᠨ ᠬᠥᠳᠡᠯᠮᠦᠷᠢ ᠊ᠢᠢᠨ ᠳᠣᠲᠣᠭᠠᠳᠤ ᠵᠢᠷᠤᠮ ᠊ᠳᠤ ᠠᠵᠢᠯ ᠤᠨ ᠪᠠᠶᠢᠷᠢᠨ ᠊ᠤ ᠪᠡᠯᠭᠡ ᠊ᠢᠢᠨ ᠳᠠᠷᠤᠮᠲᠠ ᠡᠴᠠ ᠤᠷᠢᠳᠴᠢᠯᠠᠨ ᠰᠡᠷᠭᠡᠶᠢᠯᠡᠬᠦ᠂ ᠭᠠᠷᠤᠭᠰᠠᠨ ᠭᠣᠮᠣᠳᠠᠯ ᠢ ᠰᠢᠢᠳᠪᠦᠷᠢᠯᠡᠬᠦ ᠬᠡᠮ ᠬᠡᠮᠵᠢᠶ᠎ᠡ ᠊ᠢᠢ ᠲᠤᠰᠬᠠᠭᠤᠯᠬᠤ᠂ ᠪᠡᠯᠭᠡ ᠊ᠢᠢᠨ ᠳᠠᠷᠤᠮᠲᠠ ᠡᠴᠠ ᠠᠩᠭᠢ ᠳᠤ ᠣᠷᠴᠢᠨ ᠪᠦᠷᠢᠳᠦᠭᠦᠯᠬᠦ ᠊ᠳᠦ ᠴᠢᠭᠯᠡᠭᠰᠡᠨ ᠦᠯᠢᠭᠡᠷᠴᠢᠯᠡᠭᠰᠡᠨ ᠵᠢᠭᠠᠪᠤᠷᠢ ᠊ᠢᠢᠨ ᠬᠡᠷᠡᠭᠵᠢᠯᠲᠡ ᠊ᠳᠦ ᠰᠠᠯᠪᠤᠷᠢ ᠊ᠢᠢᠨ ᠪᠠᠶᠢᠭᠤᠯᠤᠯᠭ᠎ᠠ ᠊ᠳᠤ ᠬᠡᠷᠡᠭᠵᠢᠵᠦ ᠪᠤᠢ ᠪᠠᠶᠢᠳᠠᠯ ᠊ᠳᠤ ᠦᠨᠡᠯᠡᠭᠡ ᠰᠢᠨᠵᠢᠯᠡᠭᠡ ᠬᠢᠵᠦ᠂ ᠠᠷᠭ᠎ᠠ ᠵᠦᠢ ᠊ᠢᠢᠨ ᠳᠡᠮᠵᠢᠯᠭᠡ ᠦᠵᠡᠭᠦᠯᠬᠦ;

✅ᠣᠯᠠᠨ ᠨᠡᠶᠢᠲᠡ ᠊ᠢᠢᠨ ᠮᠡᠳᠡᠭᠡᠯᠡᠯ᠂ ᠵᠠᠷ ᠰᠤᠷᠲᠠᠯᠴᠢᠯᠠᠭᠠᠨ ᠊ᠤ ᠠᠭᠤᠯᠭ᠎ᠠ ᠊ᠳᠤ ᠬᠡᠪᠯᠡᠯ ᠮᠡᠳᠡᠭᠡᠯᠡᠯ ᠤᠨ ᠵᠧᠨᠳᠡᠷ ᠤᠨ ᠮᠡᠳᠡᠷᠡᠮᠵᠢ ᠲᠡᠢ ᠪᠠᠶᠢᠳᠠᠯ ᠤᠨ ᠰᠢᠯᠭᠠᠭᠤᠷ ᠦᠵᠡᠭᠦᠯᠦᠯᠲᠡ ᠊ᠢᠢ ᠨᠡᠪᠲᠡᠷᠡᠭᠦᠯᠬᠦ;

✅ᠬᠡᠪᠯᠡᠯ ᠮᠡᠳᠡᠭᠡᠯᠡᠯ᠂ ᠤᠷᠠᠯᠢᠭ ᠤᠨ ᠪᠦᠲᠦᠭᠡᠯ ᠤᠨ ᠠᠭᠤᠯᠭ᠎ᠠ᠂ ᠲᠡᠳᠡᠭᠡᠷ ᠲᠡᠢ ᠬᠣᠯᠪᠣᠭᠳᠠᠨ ᠨᠡᠶᠢᠭᠡᠮ ᠤᠨ ᠰᠦᠯᠵᠢᠶ᠎ᠡ ᠪᠡᠷ ᠲᠠᠷᠬᠠᠬᠤ ᠮᠡᠳᠡᠭᠡᠯᠡᠯ ᠊ᠳᠦ ᠵᠧᠨᠳᠡᠷ ᠤᠨ ᠥᠨᠴᠥᠭ ᠡᠴᠡ ᠬᠢᠨᠠᠯᠲᠠ ᠲᠠᠯᠪᠢᠬᠤ

ᠨᠡᠶᠢᠲᠡᠯᠡᠭᠰᠡᠨ᠄