ᠼᠠ᠊ ᠬᠥ᠊ ᠬᠠ᠊ ᠬᠣ᠊ ᠶᠠ᠊ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠊ᠢᠢᠨ ᠲᠣᠭᠲᠠᠪᠤᠷᠢᠲᠠᠢ ᠬᠥᠭᠵᠢᠯ ᠤᠨ ᠵᠣᠷᠢᠯᠲᠠ ᠊ᠢᠢ ᠬᠡᠷᠡᠭᠵᠢᠭᠦᠯᠬᠦ ᠴᠢᠭᠯᠡᠯ ᠊ᠢᠢᠡᠷ ᠠᠵᠢᠯᠯᠠᠨ᠎ᠠ


ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠊ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠰᠢᠷᠠᠭ ᠥᠨᠥᠳᠥᠷ /᠒᠐᠒᠓.᠑᠐.᠐᠔/ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠊ᠢᠢᠨ ᠡᠬᠢᠨ ᠳᠦ ᠨ ∙ ᠤᠴᠠᠷᠠᠯ ᠰᠠᠶᠢᠳ ᠮᠣᠩᠭᠣᠯ ᠤᠯᠤᠰ ᠤᠨ ᠴᠠᠬᠢᠮᠵᠢᠯᠲᠡ᠂ ᠰᠢᠯᠢᠨ᠂ ᠢᠯᠡ ᠲᠣᠳᠣ ᠪᠠᠶᠢᠳᠠᠯ ᠣᠯᠠᠨ ᠤᠯᠤᠰ ᠲᠤ ᠦᠨᠡᠯᠡᠭᠳᠡᠭᠰᠡᠨ ᠢ ᠣᠨᠴᠠᠯᠠᠵᠤ᠂ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠪᠣᠳᠣᠯᠭ᠎ᠠ ᠊ᠢᠢᠨ ᠬᠦᠷᠢᠶᠡᠨ ᠊ᠳᠦ ᠬᠢᠵᠦ ᠪᠤᠢ ᠠᠵᠢᠯ ᠤᠳ ᠊ᠢᠢᠠᠨ ᠲᠠᠨᠢᠯᠴᠠᠭᠤᠯᠤᠯ᠎ᠠ᠃ ᠮᠥᠨ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠤᠨ ᠲᠣᠭᠲᠠᠪᠤᠷᠢᠲᠠᠢ ᠬᠥᠭᠵᠢᠯ ᠤᠨ ᠵᠣᠷᠢᠯᠲᠠ ᠨᠤᠭᠤᠳ ᠢ ᠬᠡᠷᠡᠭᠵᠢᠭᠦᠯᠬᠦ ᠳᠦ ᠬᠠᠮᠲᠤᠷᠠᠨ ᠠᠵᠢᠯᠯᠠᠵᠤ᠂ ᠳᠡᠮᠵᠢᠯᠭᠡ ᠦᠵᠡᠭᠦᠯᠬᠦ ᠳᠦ ᠨᠡᠭᠡᠭᠡᠯᠲᠡ ᠲᠡᠢ ᠭᠡᠳᠡᠭ ᠊ᠢᠢᠡᠨ ᠢᠯᠡᠷᠬᠡᠶᠢᠯᠡᠭᠰᠡᠨ ᠶᠤᠮ᠃

ᠨᠢᠭᠡᠳᠦᠭᠰᠡᠨ ᠦᠨᠳᠦᠰᠦᠨ  ᠊ᠤ ᠪᠠᠶᠢᠭᠤᠯᠤᠯᠭ᠎ᠠ ᠊ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠰᠢᠷᠠ ᠬᠦᠯᠢᠶᠡᠨ ᠠᠪᠴᠤ ᠠᠭᠤᠯᠵᠠᠵᠤ ᠪᠤᠢ ᠊ᠳᠤ ᠲᠠᠯᠠᠷᠬᠠᠯ ᠢᠯᠡᠷᠬᠡᠶᠢᠯᠡᠭᠡᠳ᠂ ᠴᠠᠬᠢᠮᠵᠢᠯᠲᠡ ᠲᠡᠷᠡ ᠳᠤᠮᠳᠠ ᠪᠠᠨ ᠬᠤᠪ ᠤᠨ ᠬᠡᠪᠰᠢᠯ ᠤᠨ ᠬᠢᠨ ᠢ ᠪᠣᠳᠣᠯᠭ᠎ᠠ ᠪᠠᠷ ᠳᠡᠮᠵᠢᠬᠦ E-Business.mn ᠫᠯᠠᠲ᠋ᠹᠣᠷᠮ ᠢ ᠦᠷ᠎ᠡ ᠳᠦᠩ ᠲᠡᠢ ᠠᠵᠢᠯᠯᠠᠭᠤᠯᠵᠤ ᠪᠠᠶᠢᠭ᠎ᠠ ᠊ᠢᠢ ᠣᠨᠴᠠᠯᠠᠯ᠎ᠠ᠃ ᠮᠥᠨ ᠲᠣᠭᠲᠠᠪᠤᠷᠢᠲᠠᠢ ᠬᠥᠭᠵᠢᠯ ᠤᠨ ᠵᠣᠷᠢᠯᠲᠠ ᠨᠤᠭᠤᠳ ᠢ ᠠᠮᠵᠢᠯᠲᠠ ᠲᠠᠢ ᠬᠡᠷᠡᠭᠵᠢᠭᠦᠯᠬᠦ ᠳᠦ ᠼᠠ᠊ ᠬᠥ᠊ ᠬᠠ᠊ ᠬᠣ᠊ ᠶᠠ᠊ ᠮᠠᠩᠯᠠᠶᠢᠯᠠᠵᠤ᠂ ᠬᠠᠮᠲᠤᠷᠠᠨ ᠠᠵᠢᠯᠯᠠᠬᠤ ᠊ᠢᠢ ᠬᠦᠰᠡᠯ᠎ᠡ᠃

ᠨᠡᠶᠢᠲᠡᠯᠡᠭᠰᠡᠨ᠄