《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠤᠪᠰ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢᠳ ᠲᠤ ᠬᠦᠷᠡᠯ ᠡ


ᠼᠠ᠊ ᠬᠥ᠊ ᠬᠠ᠊ ᠬᠣ᠊ ᠶᠠ᠂ ᠲᠥ᠊ ᠼᠠ᠊ ᠦ᠊ ᠽᠣ᠊ ᠭᠠ᠊᠂ 《ᠢ-ᠮᠣᠩᠭᠣᠯ》 ᠠᠺᠠᠳᠧᠮᠢ ᠤ᠊ ᠲᠥ᠊ ᠦ᠊ ᠭᠠ᠊- ᠤᠨ ᠬᠠᠮᠲᠤᠷᠠᠭᠰᠠᠨ ᠠᠵᠢᠯ ᠤᠨ ᠬᠡᠰᠡᠭ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ᠂ ᠰᠤᠷᠭᠠᠯᠲᠠ ᠰᠤᠳᠤᠯᠭ᠎ᠠ᠂ ᠦᠨᠡᠯᠡᠭᠡ ᠠᠷᠭ᠎ᠠ ᠬᠡᠮᠵᠢᠶ᠎ᠡ ᠊ᠢᠢ ᠤᠪᠰ ᠠᠶᠢᠮᠠᠭ ᠲᠤ ᠬᠡᠷᠡᠭᠵᠢᠭᠦᠯᠦᠨ ᠠᠵᠢᠯᠯᠠᠵᠤ ᠪᠠᠶᠢᠨ᠎ᠠ᠃

ᠡᠨᠡ ᠬᠦᠷᠢᠶᠡᠨ ᠊ᠳᠦ ᠠᠶᠢᠮᠠᠭ ᠤᠨ ᠲᠥᠷᠦ ᠊ᠢᠢᠨ ᠠᠯᠪᠠᠨ ᠬᠠᠭᠠᠭᠴᠢᠳ ᠲᠠᠢ ᠠᠭᠤᠯᠵᠠᠯᠲᠠ ᠵᠣᠬᠢᠶᠠᠨ ᠪᠠᠶᠢᠭᠤᠯᠵᠤ᠂ ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠊ᠤ ᠶᠠᠮᠤᠨ ᠡᠴᠠ ᠬᠡᠷᠡᠭᠵᠢᠭᠦᠯᠵᠦ ᠪᠤᠢ ᠪᠣᠳᠣᠯᠭ᠎ᠠ᠂ ᠦᠢᠯᠡ ᠠᠵᠢᠯᠯᠠᠭ᠎ᠠ᠂ ᠴᠠᠬᠢᠮ ᠬᠥᠭᠵᠢᠯ ᠤᠨ ᠪᠠᠭᠴᠠ ᠬᠠᠤᠯᠢ᠂ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢ ᠲᠠᠨᠢᠯᠴᠠᠭᠤᠯᠤᠯ᠎ᠠ᠃

ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠠᠵᠢᠯ ᠤᠨ ᠬᠦᠷᠢᠶᠡᠨ ᠊ᠳᠦ ᠲᠤᠰ ᠠᠶᠢᠮᠠᠭ 《ᠳ᠋ᠢᠵᠢᠲᠠᠯ᠎ᠠ ᠠᠶᠢᠮᠠᠭ-ᠤᠪᠰ》 ᠲᠥᠰᠥᠯ ᠢ ᠬᠡᠷᠡᠭᠵᠢᠭᠦᠯᠵᠦ᠂ ᠲᠥᠰᠥᠯ ᠤᠨ ᠬᠦᠷᠢᠶᠡᠨ ᠊ᠳᠦ 《ᠳ᠋ᠢᠵᠢᠲᠠᠯ᠎ᠠ ᠤᠪᠰ》 ᠠᠫᠫᠯᠢᠺᠧᠢᠰᠢᠨ ᠬᠥᠭᠵᠢᠭᠦᠯᠦᠨ᠂ ᠦᠨᠳᠦᠰᠦᠨ ᠊ ᠳᠠᠲ᠋ᠠ ᠲᠥᠪ ᠤᠨ ᠰᠧᠷᠸᠧᠷ ᠊ᠳᠦ ᠬᠣᠯᠪᠣᠨ ᠠᠵᠢᠯᠯᠠᠵᠤ ᠪᠠᠶᠢᠨ᠎ᠠ᠃

ᠤᠪᠰ ᠠᠶᠢᠮᠠᠭ ᠊᠘᠔ ᠮᠢᠩᠭ᠎ᠠ ᠣᠷᠴᠢᠮ ᠬᠦᠮᠦᠨ ᠠᠮᠠ ᠲᠠᠢ᠃ ᠨᠡᠶᠢᠲᠡ ᠑᠙ ᠰᠤᠮᠤ ᠲᠠᠢ᠃ ᠪᠦᠬᠦ ᠰᠤᠮᠤ ᠊ᠳᠤ ᠡᠭᠦᠷᠡᠨ ᠬᠣᠯᠪᠣᠭᠠᠨ ᠊ᠤ ᠔ᠵᠢ ᠰᠦᠯᠵᠢᠶᠡᠨ ᠊ᠳᠦ ᠬᠣᠯᠪᠣᠭᠳᠠᠭᠰᠠᠨ᠃ ᠳᠥᠷᠪᠡᠳ᠂ ᠪᠠᠶᠠᠳ᠂ ᠬᠠᠯᠬ᠎ᠠ᠂ ᠬᠣᠲᠠᠨ ᠶᠠᠰᠤᠲᠠᠨ ᠠᠮᠢᠳᠤᠷᠠᠳᠠᠭ᠃ ᠤᠪᠰ ᠠᠶᠢᠮᠠᠭ ᠤᠨ ᠲᠡᠷᠢᠭᠦᠯᠡᠬᠦ ᠴᠢᠭᠯᠡᠯ ᠬᠦᠮᠦᠨ ᠊ᠤ ᠬᠥᠭᠵᠢᠯ᠂ ᠪᠣᠯᠪᠠᠰᠤᠷᠠᠯ᠂ ᠬᠥᠳᠡᠭᠡ ᠠᠵᠤ᠂ ᠠᠬᠤᠢ ᠪᠣᠯᠪᠠᠰᠤᠷᠠᠭᠤᠯᠬᠤ ᠵᠢᠵᠢᠭ ᠳᠤᠮᠳᠠ᠂ ᠬᠥᠩᠭᠡᠨ ᠦᠢᠯᠡᠳᠪᠦᠷᠢᠯᠡᠯ᠂ ᠤᠪᠰ᠂ ᠬᠢᠷᠭᠠᠰ ᠨᠠᠭᠤᠷ ᠤᠨ ᠲᠦᠰᠢᠴᠡ ᠪᠦᠬᠦᠢ ᠠᠶᠠᠯᠠᠯ ᠵᠢᠭᠤᠯᠴᠢᠯᠠᠯ ᠤᠨ ᠪᠦᠰᠡ ᠨᠤᠲᠤᠭ ᠶᠤᠮ᠃

ᠥᠨᠥᠳᠥᠷ ᠤᠨ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠲᠠᠨᠢᠯᠴᠠᠭᠤᠯᠬᠤ ᠰᠤᠷᠭᠠᠯᠲᠠ᠂ ᠠᠷᠭ᠎ᠠ ᠬᠡᠮᠵᠢᠶᠡᠨ ᠊ᠳᠦ ᠤᠪᠰ ᠠᠶᠢᠮᠠᠭ ᠤᠨ ᠲᠥᠷᠥ ᠊ᠢᠢᠨ ᠕᠐ ᠭᠠᠷᠤᠢ ᠪᠠᠶᠢᠭᠤᠯᠤᠯᠭ᠎ᠠ ᠊ᠢᠢᠨ ᠙᠐ ᠣᠷᠴᠢᠮ ᠠᠯᠪᠠᠨ ᠬᠠᠭᠠᠭᠴᠢ ᠬᠠᠮᠤᠷᠤᠭᠳᠠᠵᠤ ᠮᠡᠳᠡᠭᠡᠯᠡᠯ ᠰᠣᠯᠢᠯᠴᠠᠯ᠎ᠠ᠃

ᠨᠡᠶᠢᠲᠡᠯᠡᠭᠰᠡᠨ᠄