ᠺᠢᠪᠧᠷ ᠠᠶᠤᠯ ᠦᠭᠡᠢ ᠪᠠᠶᠢᠳᠠᠯ ᠤᠨ ᠬᠦᠮᠦᠨ ᠊ᠤ ᠨᠥᠭᠡᠴᠡ ᠊ᠢᠢ ᠬᠥᠭᠵᠢᠭᠦᠯᠬᠦ ᠬᠥᠲᠥᠯᠪᠦᠷᠢ ᠠᠮᠵᠢᠯᠲᠠᠲᠠᠢ ᠬᠡᠷᠡᠭᠵᠢᠵᠦ ᠪᠠᠶᠢᠨ᠎ᠠ


ᠶᠠᠫᠣᠨ ᠊ᠤ ᠣᠯᠠᠨ ᠤᠯᠤᠰ ᠤᠨ ᠬᠠᠮᠲᠤ ᠊ᠢᠢᠨ ᠠᠵᠢᠯᠯᠠᠭᠠᠨ ᠤ Japan International Cooperation Agency ᠪᠠᠶᠢᠭᠤᠯᠤᠯᠭ᠎ᠠ ᠡᠴᠠ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠲᠠᠢ ᠬᠠᠮᠲᠤᠷᠠᠨ ᠒᠐᠒᠓-᠒᠐᠒᠖ ᠣᠨ ᠪᠤᠶᠤ ᠔ ᠵᠢᠯ ᠤᠨ ᠬᠤᠭᠤᠴᠠᠭᠠᠨ ᠊ᠳᠤ ᠬᠡᠷᠡᠭᠵᠢᠭᠦᠯᠬᠦ ᠪᠡᠷ ᠵᠣᠷᠢᠭᠰᠠᠨ 《ᠺᠢᠪᠧᠷ ᠠᠶᠤᠯ ᠦᠭᠡᠢ ᠪᠠᠶᠢᠳᠠᠯ ᠤᠨ ᠬᠦᠮᠦᠨ ᠊ᠤ ᠨᠥᠭᠡᠴᠡ ᠊ᠢᠢ ᠬᠥᠭᠵᠢᠭᠦᠯᠬᠦ》 ᠬᠥᠲᠥᠯᠪᠦᠷᠢ ᠠᠮᠵᠢᠯᠲᠠᠲᠠᠢ ᠬᠡᠷᠡᠭᠵᠢᠵᠦ ᠪᠠᠶᠢᠨ᠎ᠠ᠃

ᠮᠣᠩᠭᠣᠯ ᠤᠯᠤᠰ ᠤᠨ ᠺᠢᠪᠧᠷ ᠠᠶᠤᠯ ᠦᠭᠡᠢ ᠪᠠᠶᠢᠳᠠᠯ ᠤᠨ ᠪᠣᠯᠪᠠᠰᠤᠷᠠᠯ ᠤᠨ ᠬᠥᠲᠥᠯᠪᠦᠷᠢ ᠊ᠢᠢ ᠰᠠᠶᠢᠵᠢᠷᠠᠭᠤᠯᠬᠤ ᠵᠣᠷᠢᠯᠭ᠎ᠠ ᠲᠠᠢ ᠤᠭ ᠲᠥᠰᠥᠯ ᠤᠨ ᠬᠦᠷᠢᠶᠡᠨ ᠊ᠳᠦ ᠓ ᠦᠨᠳᠦᠰᠦᠨ ᠵᠣᠷᠢᠯᠲᠠ ᠶᠢ ᠳᠡᠪᠰᠢᠭᠦᠯᠦᠭᠡᠳ ᠪᠠᠶᠢᠨ᠎ᠠ᠃ ᠡᠭᠦᠨ ᠊ᠳᠦ᠄

1᠃ ᠲᠥᠷᠦ ᠬᠤᠪᠤ ᠤᠨ ᠬᠡᠪᠰᠢᠯ ᠪᠣᠯᠪᠠᠰᠤᠷᠠᠯ ᠤᠨ ᠰᠠᠯᠪᠤᠷᠢ ᠊ᠢᠢᠨ ᠭᠤᠷᠪᠠᠯᠠᠭᠰᠠᠨ ᠤᠶᠠᠯᠳᠤᠭ᠎ᠠ ᠬᠣᠯᠪᠣᠭ᠎ᠠ ᠊ᠢᠢ ᠰᠠᠶᠢᠵᠢᠷᠠᠭᠤᠯᠬᠤ ᠵᠠᠮ ᠊ᠢᠢᠠᠷ ᠺᠢᠪᠧᠷ ᠠᠶᠤᠯ ᠦᠭᠡᠢ ᠪᠠᠶᠢᠳᠠᠯ ᠤᠨ ᠬᠦᠮᠦᠨ ᠊ᠤ ᠨᠥᠭᠡᠴᠡ ᠶᠢ ᠬᠥᠭᠵᠢᠭᠦᠯᠬᠦ᠂

2᠃ ᠣᠶᠤᠲᠠᠨ ᠰᠤᠷᠤᠭᠴᠢ ᠪᠣᠯᠤᠨ ᠮᠡᠷᠭᠡᠵᠢᠯᠲᠡᠨ ᠨᠦᠭᠦᠳ ᠲᠦ ᠵᠣᠷᠢᠭᠤᠯᠤᠭᠰᠠᠨ ᠺᠢᠪᠧᠷ ᠠᠶᠤᠯ ᠦᠭᠡᠢ ᠪᠠᠶᠢᠳᠠᠯ ᠤᠨ ᠪᠣᠯᠪᠠᠰᠤᠷᠠᠯ ᠤᠨ ᠬᠥᠲᠥᠯᠪᠦᠷᠢ ᠪᠣᠯᠪᠠᠰᠤᠷᠠᠭᠤᠯᠵᠤ ᠬᠥᠭᠵᠢᠭᠦᠯᠬᠦ

3᠃ ᠲᠥᠷᠥ ᠊ᠢᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠺᠢᠪᠧᠷ ᠠᠶᠤᠯ ᠦᠭᠡᠢ ᠪᠠᠶᠢᠳᠠᠯ ᠤᠨ ᠪᠣᠯᠪᠠᠰᠤᠷᠠᠯ ᠤᠨ ᠬᠥᠲᠥᠯᠪᠦᠷᠢ ᠪᠣᠯᠪᠠᠰᠤᠷᠠᠭᠤᠯᠵᠤ ᠬᠥᠭᠵᠢᠭᠦᠯᠬᠦ ᠵᠣᠷᠢᠯᠲᠠ ᠨᠤᠭᠤᠳ ᠲᠤᠰ ᠲᠤᠰ ᠬᠡᠷᠡᠭᠵᠢᠵᠦ ᠪᠠᠶᠢᠨ᠎ᠠ᠃

᠌ᠡᠨᠡ ᠵᠣᠷᠢᠯᠲᠠ ᠨᠤᠭᠤᠳ ᠢ ᠬᠡᠷᠡᠭᠵᠢᠭᠦᠯᠬᠦ ᠬᠦᠷᠢᠶᠡᠨ ᠊ᠳᠦ ᠵ᠎ᠠᠺᠠ ᠪᠣᠯᠤᠨ ᠼᠠ᠊ ᠬᠥ᠊ ᠬᠠ᠊ ᠬᠣ᠊ ᠶᠠ᠊  ᠡᠴᠠ ᠭᠠᠳᠠᠨ᠎ᠠ ᠮᠣᠩᠭᠣᠯ ᠤᠯᠤᠰ ᠤᠨ ᠰᠢᠨᠵᠢᠯᠡᠬᠦ ᠤᠬᠠᠭᠠᠨ᠂ ᠲᠧᠭᠨᠣᠯᠣᠭᠢ ᠊ᠢᠢᠨ ᠶᠡᠬᠡ ᠰᠤᠷᠭᠠᠭᠤᠯᠢ ᠤᠨ ᠮᠡᠳᠡᠭᠡᠯᠡᠯ᠂ ᠬᠣᠯᠪᠣᠭᠠᠨ ᠊ᠤ ᠲᠧᠭᠨᠣᠯᠣᠭᠢ ᠊ᠢᠢᠨ ᠰᠤᠷᠭᠠᠭᠤᠯᠢ᠂ ᠤᠳᠤᠷᠢᠳᠤᠯᠭ᠎ᠠ ᠊ᠢᠢᠨ ᠠᠺᠠᠳᠧᠮᠢ ᠬᠠᠮᠲᠤᠷᠠᠨ ᠠᠵᠢᠯᠯᠠᠵᠤ ᠪᠠᠶᠢᠨ᠎ᠠ᠃

ᠥᠨᠥᠳᠥᠷ /᠒᠐᠒᠓.᠑᠐.᠐᠖/ ᠲᠥᠷᠦ ᠊ᠢᠢᠨ ᠵᠠᠬᠢᠷᠭᠠᠨ ᠊ᠤ ᠲᠥᠪ ᠪᠠᠶᠢᠭᠤᠯᠤᠯᠭ᠎ᠠ ᠨᠤᠭᠤᠳ ᠤᠨ ᠮᠡᠳᠡᠭᠡᠯᠡᠯ ᠤᠨ ᠲᠧᠭᠨᠣᠯᠣᠭᠢ ᠊ᠢᠢᠨ ᠰᠢᠰᠲ᠋ᠧᠮ ᠤᠨ ᠬᠠᠮᠠᠭᠠᠯᠠᠯᠲᠠ ᠰᠡᠳᠦᠪᠲᠦ ᠰᠧᠮᠢᠨᠠᠷ ᠢ ᠵᠣᠬᠢᠶᠠᠨ ᠪᠠᠶᠢᠭᠤᠯᠤᠯ᠎ᠠ᠃

ᠺᠢᠪᠧᠷ ᠠᠶᠤᠯ ᠦᠭᠡᠢ ᠪᠠᠶᠢᠳᠠᠯ ᠢ ᠬᠠᠩᠭᠠᠬᠤ ᠊ᠳᠤ ᠨᠠᠷᠢᠨ ᠮᠡᠷᠭᠡᠵᠢᠯ ᠤᠨ ᠴᠢᠳᠠᠪᠤᠷᠢᠯᠢᠭ ᠪᠣᠯᠪᠠᠰᠤᠨ ᠬᠦᠴᠦᠨ᠂ ᠬᠠᠤᠯᠢ ᠡᠷᠬᠡ ᠵᠦᠢ ᠊ᠢᠢᠨ ᠪᠣᠯᠪᠠᠰᠤᠷᠠᠩᠭᠤᠢ ᠣᠷᠴᠢᠨ᠂ ᠲᠧᠭᠨᠢᠭ ᠲᠣᠨᠣᠭ ᠲᠥᠬᠥᠭᠡᠷᠦᠮᠵᠢ ᠊ᠢᠢᠨ ᠴᠣᠭᠴᠠ ᠰᠢᠢᠳᠦᠯ᠂ ᠰᠠᠩᠬᠦᠵᠢᠯᠲᠡ ᠱᠠᠭᠠᠷᠳᠠᠯᠭ᠎ᠠ ᠲᠠᠢ ᠲᠤᠬᠠᠢ ᠤᠭ ᠰᠧᠮᠢᠨᠠᠷ ᠤᠨ ᠦᠶ᠎ᠡ ᠪᠡᠷ ᠮᠡᠷᠭᠡᠵᠢᠯᠲᠡᠨ ᠨᠦᠭᠦᠳ ᠵᠥᠪᠯᠡᠵᠦ ᠪᠠᠶᠢᠯ᠎ᠠ᠃

ᠲᠤᠰ ᠠᠷᠭ᠎ᠠ ᠬᠡᠮᠵᠢᠶᠡᠨ ᠊ᠳᠦ ᠼᠠ᠊ ᠬᠥ᠊ ᠬᠠ᠊ ᠬᠣ᠊ ᠶᠠ᠊-᠊ᠤ ᠲᠥᠷᠦ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭ ᠣᠷᠣᠯᠴᠠᠵᠤ ᠮᠡᠳᠡᠭᠡᠯᠡᠯ ᠲᠥᠰᠦᠯ ᠤᠨ ᠬᠡᠷᠡᠭᠵᠢᠯᠲᠡ ᠊ᠢᠢᠨ ᠲᠤᠬᠠᠢ ᠰᠣᠯᠢᠯᠴᠠᠯ᠎ᠠ

Japan International Cooperation Agency ᠨᠢ ᠠᠽᠢᠶ᠎ᠠ᠂ ᠠᠹᠷᠢᠺᠠ᠂ ᠡᠮᠦᠨᠡ ᠊ᠳᠦ ᠠᠮᠧᠷᠢᠺᠠ᠂ ᠠᠦᠢᠰᠲᠷᠠᠯᠢᠶ᠎ᠠ᠂ ᠣᠢᠷᠬᠢ ᠳᠣᠷᠣᠨᠠᠲᠤ᠂ ᠵᠡᠭᠦᠨ ᠧᠦᠢᠷᠣᠫᠠ ᠊ᠢᠢᠨ ᠑᠕᠕ ᠣᠷᠣᠨ ᠲᠧᠭᠨᠢᠭ ᠤᠨ ᠬᠠᠮᠲᠤ ᠊ᠢᠢᠨ ᠠᠵᠢᠯᠯᠠᠭ᠎ᠠ ᠶᠢ ᠪᠠᠨ ᠬᠡᠷᠡᠭᠵᠢᠭᠦᠯᠵᠦ ᠪᠠᠶᠢᠨ᠎ᠠ. Japan International Cooperation Agency ᠍ ᠦᠨ ᠳᠠᠬᠢ ᠲᠥᠯᠥᠭᠡᠯᠡᠭᠴᠢ ᠊ᠢᠢᠨ ᠭᠠᠵᠠᠷ ᠨᠢ ᠕᠓ ᠳᠠᠬᠢ ᠲᠥᠯᠦᠭᠡᠯᠡᠭᠴᠢ ᠊ᠢᠢᠨ ᠭᠠᠵᠠᠷ ᠪᠥᠭᠡᠳ ᠑᠙᠙᠗ ᠨᠳ ᠪᠠᠶᠢᠭᠤᠯᠤᠭᠳᠠᠭᠰᠠᠨ ᠲᠤᠰ ᠲᠥᠯᠥᠭᠡᠯᠡᠭᠴᠢ ᠊ᠢᠢᠨ ᠭᠠᠵᠠᠷ ᠲᠤ ᠨᠡᠶᠢᠲᠡ ᠳᠦ ᠪᠡᠨ ᠒᠗ ᠠᠵᠢᠯᠲᠠᠨ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄