ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠳᠤᠮᠳᠠᠭᠤᠪᠢ ᠠᠶᠢᠮᠠᠭ ᠲᠤ ᠠᠵᠢᠯᠯᠠᠵᠤ ᠪᠠᠶᠢᠨ᠎ᠠ


ᠴᠠᠬᠢᠮ ᠰᠢᠯᠵᠢᠯᠲᠡ ᠊ᠢᠢ ᠠᠶᠢᠮᠠᠭ᠂ ᠣᠷᠣᠨ ᠨᠤᠲᠤᠭ ᠲᠤ ᠡᠷᠴᠢᠮᠵᠢᠭᠦᠯᠬᠦ᠂ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢ ᠬᠡᠷᠡᠭᠵᠢᠭᠦᠯᠬᠦ ᠳᠦ ᠮᠡᠷᠭᠡᠵᠢᠯ ᠠᠷᠭ᠎ᠠ ᠵᠦᠢ᠂ ᠪᠣᠳᠣᠯᠭ᠎ᠠ ᠊ᠢᠢᠨ ᠳᠡᠮᠵᠢᠯᠭᠡ ᠦᠵᠡᠭᠦᠯᠬᠦ ᠵᠣᠷᠢᠯᠭ᠎ᠠ ᠪᠦᠬᠦᠢ ᠼᠠ᠊ ᠬᠥ᠊ ᠬᠠ᠊ ᠬᠣ᠊ ᠶᠠ᠊᠂ ᠲᠥ᠊ ᠼᠠ᠊ ᠦ᠊ ᠽᠣ᠊ ᠭᠠ᠊ -᠊ᠢᠢᠨ ᠬᠠᠮᠲᠤᠷᠠᠭᠰᠠᠨ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠳᠤᠮᠳᠠᠭᠤᠪᠢ ᠠᠶᠢᠮᠠᠭ ᠲᠤ ᠥᠨᠥᠳᠥᠷ (᠒᠐᠒᠓.᠑᠐.᠐᠖) ᠠᠵᠢᠯᠯᠠᠵᠤ ᠪᠠᠶᠢᠨ᠎ᠠ᠃

ᠡᠨᠡ ᠬᠦᠷᠢᠶᠡᠨ ᠊ᠳᠦ ᠲᠤᠰ ᠠᠶᠢᠮᠠᠭ ᠤᠨ ᠢᠷᠭᠡᠨ ᠊ᠤ ᠲᠥᠯᠦᠭᠡᠯᠡᠭᠴᠢᠳ ᠤᠨ ᠬᠤᠷᠠᠯ ᠤᠨ ᠳᠠᠷᠤᠭ᠎ᠠ ᠰ ∙ ᠣᠳᠣ-ᠡᠷᠳᠡᠨᠢ᠂ ᠵᠠᠰᠠᠭ ᠳᠠᠷᠤᠭ᠎ᠠ ᠼ ∙ ᠮᠥᠩᠬᠡᠪᠠᠲᠤ᠂ ᠽᠠ᠊ ᠳᠠ᠊ ᠲᠠ᠊ ᠭᠠ᠊- ᠍ ᠤᠨ ᠳᠠᠷᠤᠭ᠎ᠠ ᠯ ∙ ᠳᠣᠷᠵᠢᠪᠠᠲ᠂ ᠲᠥᠷᠦ ᠊ᠢᠢᠨ ᠵᠠᠬᠢᠷᠭ᠎ᠠ ᠤᠳᠤᠷᠢᠳᠤᠯᠭ᠎ᠠ ᠊ᠢᠢᠨ ᠬᠡᠯᠲᠡᠰ ᠤᠨ ᠳᠠᠷᠤᠭ᠎ᠠ ᠨ ∙ ᠲᠦᠪᠰᠢᠨᠵᠢᠷᠭᠠᠯ ᠨᠠᠷ ᠲᠠᠢ ᠠᠭᠤᠯᠵᠠᠵᠤ᠂ ᠰᠠᠨᠠᠯ ᠰᠣᠯᠢᠯᠴᠠᠯ᠎ᠠ᠃

ᠳᠤᠮᠳᠠᠭᠤᠪᠢ ᠠᠶᠢᠮᠠᠭ ᠲᠤ ᠲᠥᠷᠥ ᠊ᠢᠢᠨ ᠦᠢᠯᠡᠴᠢᠯᠡᠭᠡ ᠊ᠢᠢ ᠲᠦᠷᠭᠡᠨ᠂ ᠰᠢᠭᠤᠷᠬᠠᠢ ᠴᠢᠷᠦᠭᠳᠡᠯ ᠭᠦᠢ ᠬᠦᠷᠭᠡᠳᠡᠭ 《ᠬᠤᠷᠳᠤᠨ》 ᠴᠡᠭ ᠭᠤᠷᠪᠠᠨ ᠪᠠᠶᠢᠷᠢᠯᠠᠯ ᠊ᠳᠤ ᠠᠵᠢᠯᠯᠠᠵᠤ ᠪᠠᠶᠢᠨ᠎ᠠ᠃ ᠢᠩᠭᠢᠭᠰᠡᠨ ᠊ᠢᠢᠡᠷ ᠣᠷᠣᠨ ᠨᠤᠲᠤᠭ ᠲᠤ ᠠᠵᠤ ᠲᠥᠷᠦᠳᠡᠭ ᠢᠷᠭᠡᠳ ᠲᠥᠷᠥ ᠊ᠢᠢᠨ ᠦᠢᠯᠡᠴᠢᠯᠡᠭᠡ ᠶᠢ ᠠᠪᠬᠤ ᠊ᠢᠢᠨ ᠲᠤᠯᠠᠳᠠ ᠬᠣᠲᠠ᠂ ᠰᠠᠭᠤᠷᠢᠨ ᠭᠠᠵᠠᠷ ᠢ ᠵᠣᠷᠢᠬᠤ ᠱᠠᠭᠠᠷᠳᠠᠯᠭ᠎ᠠ ᠦᠭᠡᠢ ᠪᠣᠯᠵᠤ ᠪᠤᠢ ᠶᠢ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠠᠭᠤᠯᠵᠠᠯᠲᠠ ᠊ᠢᠢᠨ ᠦᠶ᠎ᠡ ᠪᠡᠷ ᠣᠨᠴᠠᠯᠠᠭᠠᠳ ᠢᠷᠭᠡᠳ ᠤᠨ ᠴᠠᠭ ᠬᠤᠭᠤᠴᠠᠭ᠎ᠠ ᠊ᠢᠢ ᠬᠡᠮᠨᠡᠬᠦ᠂ ᠲᠡᠳᠡᠨ ᠊ᠳᠦ ᠲᠥᠷᠥ ᠊ᠢᠢᠨ ᠦᠢᠯᠡᠴᠢᠯᠡᠭᠡ ᠊ᠢᠢ ᠣᠶᠢᠷᠠᠲᠤᠭᠤᠯᠬᠤ ᠬᠦᠷᠢᠶᠡᠨ ᠊ᠳᠦ ᠲᠥᠷᠥ ᠊ᠢᠢᠨ ᠦᠢᠯᠡᠴᠢᠯᠡᠭᠡᠨ ᠊ᠤ ᠰᠢᠨ᠎ᠡ ᠥᠩᠭᠡ ᠲᠥᠷᠬᠥ ᠊ᠢᠢ ᠪᠤᠢ ᠪᠣᠯᠭᠠᠬᠤ ᠪᠠᠷ ᠵᠣᠷᠢᠨ ᠠᠵᠢᠯᠯᠠᠵᠤ ᠪᠤᠢ ᠲᠠᠯ᠎ᠠ ᠪᠠᠷ ᠮᠡᠳᠡᠭᠡᠯᠡᠪᠡ᠃

ᠳᠤᠮᠳᠠᠭᠤᠪᠢ ᠠᠶᠢᠮᠠᠭ ᠨᠢ ᠒᠐᠒᠐-᠒᠐᠒᠔ ᠣᠨ ᠊ᠤ ᠠᠶᠢᠮᠠᠭ ᠤᠨ ᠵᠠᠰᠠᠭ ᠳᠠᠷᠤᠭ᠎ᠠ ᠊ᠢᠢᠨ ᠦᠢᠯᠡ ᠠᠵᠢᠯᠯᠠᠭᠠᠨ ᠊ᠤ ᠬᠥᠲᠥᠯᠪᠦᠷᠢ ᠊ᠳᠦ ᠪᠡᠨ 《ᠴᠠᠬᠢᠮ ᠠᠶᠢᠮᠠᠭ-ᠤᠬᠠᠭᠠᠯᠢᠭ ᠳᠤᠮᠳᠠᠭᠤᠪᠢ》 ᠵᠣᠷᠢᠯᠲᠠ ᠊ᠢᠢ ᠲᠤᠰᠬᠠᠨ ᠴᠠᠬᠢᠮ ᠰᠢᠯᠵᠢᠯᠲᠡ ᠊ᠢᠢᠨ ᠦᠢᠯᠡ ᠠᠵᠢᠯᠯᠠᠭ᠎ᠠ ᠊ᠢᠢ ᠦᠶ᠎ᠡ ᠱᠠᠲᠤ ᠲᠠᠢ ᠪᠠᠷ ᠲᠥᠯᠥᠪᠯᠡᠨ ᠬᠡᠷᠡᠭᠵᠢᠭᠦᠯᠵᠦ ᠪᠠᠶᠢᠨ᠎ᠠ᠃ ᠢᠩᠭᠢᠭᠰᠡᠨ ᠊ᠢᠢᠡᠷ ᠲᠥᠷᠥ ᠊ᠢᠢᠨ ᠪᠠᠶᠢᠭᠤᠯᠤᠯᠭ᠎ᠠ ᠨᠤᠭᠤᠳ ᠤᠨ ᠦᠢᠯᠡ ᠠᠵᠢᠯᠯᠠᠭ᠎ᠠ ᠊ᠢᠢ ᠴᠠᠬᠢᠮᠵᠢᠭᠤᠯᠬᠤ ᠳᠣᠲᠣᠭᠠᠳᠤ ᠤᠳᠤᠷᠢᠳᠤᠯᠭ᠎ᠠ ᠊ᠢᠢᠨ ERP.ee-mongolia ᠴᠠᠬᠢᠮ ᠰᠢᠰᠲ᠋ᠧᠮ ᠢ ᠨᠡᠪᠲᠡᠷᠡᠭᠦᠯᠵᠦ᠂ ᠪᠠᠶᠢᠭᠤᠯᠤᠯᠭ᠎ᠠ ᠬᠣᠭᠣᠷᠣᠨᠳᠣ ᠊ᠢᠢᠨ ᠠᠯᠪᠠᠨ ᠪᠢᠴᠢᠭ ᠢ ᠑᠐᠐ ᠬᠤᠪᠢ ᠴᠠᠬᠢᠮᠵᠢᠭᠤᠯᠤᠭᠰᠠᠨ ᠪᠠᠶᠢᠨ᠎ᠠ᠃

ᠮᠥᠨ ᠠᠶᠢᠮᠠᠭ ᠤᠨ ᠲᠥᠷᠦ ᠊ᠢᠢᠨ ᠪᠣᠯᠤᠨ ᠪᠢᠽᠢᠨ᠋ᠧᠰ ᠤᠨ ᠪᠠᠶᠢᠭᠤᠯᠤᠯᠭ᠎ᠠ ᠨᠤᠭᠤᠳ ᠤᠨ ᠦᠢᠯᠡᠴᠢᠯᠡᠭᠡ ᠪᠣᠯᠤᠨ ᠪᠦᠬᠦ ᠲᠥᠷᠦᠯ ᠤᠨ ᠮᠡᠳᠡᠭᠡᠯᠡᠯ ᠤᠨ ᠨᠢᠭᠡᠳᠦᠭᠰᠡᠨ 《ᠳᠤᠮᠳᠠᠭᠣᠪᠢ》 ᠠᠫᠫᠯᠢᠺᠧᠢᠰᠢᠨ ᠢ ᠬᠥᠭᠵᠢᠭᠦᠯᠵᠦ ᠨᠡᠪᠲᠡᠷᠡᠭᠦᠯᠦᠭᠡᠳ ᠪᠠᠶᠢᠭ᠎ᠠ ᠠᠵᠢ᠃

ᠴᠢᠨᠠᠭᠰᠢᠳᠠ ᠲᠤᠰ ᠠᠶᠢᠮᠠᠭ ᠲᠤ ᠴᠠᠬᠢᠮ ᠰᠢᠯᠵᠢᠯᠲᠡ ᠲᠡᠢ ᠬᠣᠯᠪᠣᠭᠠᠲᠠᠢ ᠪᠠᠷ ᠡᠩ ᠲᠡᠷᠢᠭᠦᠨ ᠊ᠳᠦ ᠳᠡᠭᠡᠷᠡᠬᠢ ᠠᠫᠫᠯᠢᠺᠧᠢᠰᠢᠨ ᠢ ᠢᠯᠡᠭᠦᠦ ᠪᠣᠯᠪᠠᠰᠤᠷᠠᠩᠭᠤᠢ ᠪᠣᠯᠭᠠᠬᠤ᠂ ᠮᠡᠷᠭᠡᠵᠢᠯ ᠤᠨ ᠪᠣᠯᠪᠠᠰᠤᠨ ᠬᠦᠴᠦᠨ ᠪᠡᠯᠡᠳᠬᠡᠬᠦ᠂ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠨᠡᠮᠡᠭᠳᠡᠭᠦᠯᠬᠦ᠂ ᠰᠤᠷᠭᠠᠯᠲᠠ ᠮᠡᠳᠡᠭᠡᠯᠡᠯ ᠊ᠢᠢᠡᠷ ᠬᠠᠩᠭᠠᠬᠤ ᠱᠠᠭᠠᠷᠳᠠᠯᠭ᠎ᠠ ᠲᠤᠯᠭᠠᠷᠠᠭᠠᠳ ᠪᠠᠶᠢᠭ᠎ᠠ ᠲᠠᠯ᠎ᠠ ᠪᠠᠷ ᠠᠶᠢᠮᠠᠭ ᠤᠨ ᠤᠳᠤᠷᠢᠳᠤᠯᠭ᠎ᠠ ᠨᠤᠭᠤᠳ ᠤᠨ ᠵᠦᠭ ᠡᠴᠡ ᠮᠡᠳᠡᠭᠡᠯᠡᠵᠦ᠂ ᠬᠣᠯᠪᠣᠭᠳᠠᠬᠤ ᠶᠠᠮᠤᠨ ᠡᠴᠠ ᠳᠡᠮᠵᠢᠯᠭᠡ ᠬᠦᠰᠡᠯ᠎ᠡ᠃

ᠨᠡᠶᠢᠲᠡᠯᠡᠭᠰᠡᠨ᠄