ᠳᠤᠮᠳᠠᠭᠤᠪᠢ ᠠᠶᠢᠮᠠᠭ ᠲᠤ ᠴᠠᠬᠢᠮ ᠤᠷ᠎ᠠ ᠴᠢᠳᠠᠪᠤᠷᠢ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠤᠭᠳᠠᠯ᠎ᠠ


ᠡᠨᠡ ᠰᠠᠷ᠎ᠠ ᠊ᠢᠢᠨ ᠐᠖-᠊ᠤ ᠡᠳᠦᠷ ᠳᠤᠮᠳᠠᠭᠤᠪᠢ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢᠳ ᠲᠤ ᠴᠠᠬᠢᠮ ᠤᠷ᠎ᠠ ᠴᠢᠳᠠᠪᠤᠷᠢ ᠊ᠢᠢ ᠨᠡᠮᠡᠭᠳᠡᠭᠦᠯᠬᠦ ᠰᠤᠷᠭᠠᠯᠲᠠ ᠵᠣᠬᠢᠶᠠᠨ ᠪᠠᠶᠢᠭᠤᠯᠤᠭᠳᠠᠯ᠎ᠠ᠃

ᠲᠤᠰ ᠰᠤᠷᠭᠠᠯᠲᠠ ᠪᠠᠷ ᠲᠥ᠊ ᠼᠠ᠊ ᠦ᠊ ᠽᠣ᠊ ᠭᠠ᠊- ᠍ᠤᠨ ᠰᠤᠷᠭᠠᠯᠲᠠ ᠬᠥᠭᠵᠢᠯ ᠤᠨ ᠠᠬᠠᠯᠠᠬᠤ ᠮᠡᠷᠭᠡᠵᠢᠯᠲᠡᠨ ᠵ ∙ ᠬᠦᠷᠢᠯᠴᠢᠮᠡᠭ 《ᠴᠠᠬᠢᠮ ᠰᠢᠯᠵᠢᠯᠲᠡ ᠊ᠢᠢ ᠦᠨᠡᠯᠡᠬᠦ ᠰᠢᠯᠭᠠᠭᠤᠷ ᠦᠵᠡᠭᠦᠯᠦᠯᠲᠡ᠂ ᠠᠷᠭ᠎ᠠ ᠵᠦᠢ》 ᠰᠡᠳᠦᠪᠲᠦ ᠢᠯᠡᠳᠬᠡᠯ᠂ 《ᠲᠥᠷᠥ ᠊ᠢᠢᠨ ᠠᠯᠪᠠᠨ ᠬᠠᠭᠠᠭᠴᠢᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ》 ᠰᠡᠳᠦᠪᠲᠦ ᠰᠤᠷᠭᠠᠯᠲᠠ ᠊ᠢᠢ ᠲᠤᠰ ᠲᠤᠰ ᠣᠷᠣᠵᠤ᠂ ᠳᠤᠮᠳᠠᠭᠤᠪᠢ ᠠᠶᠢᠮᠠᠭ ᠤᠨ ᠑᠘ ᠲᠥᠷᠥ ᠊ᠢᠢᠨ ᠪᠠᠶᠢᠭᠤᠯᠤᠯᠭ᠎ᠠ ᠊ᠢᠢᠨ ᠳᠠᠪᠬᠤᠷᠳᠠᠭᠰᠠᠨ ᠲᠣᠭ᠎ᠠ ᠪᠠᠷ ᠑᠗᠐ ᠭᠠᠷᠤᠢ ᠲᠥᠷᠥ ᠊ᠢᠢᠨ ᠠᠯᠪᠠᠨ ᠬᠠᠭᠠᠭᠴᠢ ᠊ᠢᠢ ᠬᠠᠮᠤᠷᠤᠭᠤᠯᠤᠯ᠎ᠠ᠃

ᠰᠤᠷᠭᠠᠯᠲᠠ ᠊ᠳᠤ ᠣᠷᠣᠯᠴᠠᠭᠴᠢᠳ ᠤᠨ ᠵᠦᠭ ᠡᠴᠡ ᠥᠪᠡᠷ ᠤᠨ ᠠᠮᠢᠳᠤᠷᠠᠵᠤ ᠪᠤᠢ ᠣᠷᠣᠨ ᠨᠤᠲᠤᠭ ᠲᠤ ᠴᠠᠬᠢᠮ ᠰᠢᠯᠵᠢᠯᠲᠡ ᠲᠡᠢ ᠬᠣᠯᠪᠣᠭ᠎ᠠ ᠲᠠᠢ ᠲᠤᠯᠭᠠᠮᠳᠠᠵᠤ ᠪᠤᠢ ᠠᠰᠠᠭᠤᠳᠠᠯ ᠤᠳ ᠪᠣᠯᠤᠨ ᠴᠢᠨᠠᠭᠰᠢᠳᠠ ᠬᠡᠷᠡᠭᠵᠢᠭᠦᠯᠬᠦ ᠱᠠᠭᠠᠷᠳᠠᠯᠭ᠎ᠠ ᠲᠠᠢ ᠵᠦᠢᠯᠡᠰ ᠢ ᠬᠥᠨᠳᠡᠨ ᠲᠠᠯᠪᠢᠵᠤ᠂ ᠰᠠᠨᠠᠯ᠎ᠠ ᠢᠯᠡᠷᠬᠡᠶᠢᠯᠡᠯ᠎ᠡ᠃

ᠨᠡᠶᠢᠲᠡᠯᠡᠭᠰᠡᠨ᠄