ᠳᠤᠮᠳᠠᠭᠤᠪᠢ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢᠳ᠂ ᠢᠷᠭᠡᠳ ᠲᠦ ᠼᠠ᠊ ᠬᠥ᠊ ᠬᠠ᠊ ᠬᠣ᠊ ᠶᠠ᠊- ᠍ᠡᠴᠠ ᠬᠡᠷᠡᠭᠵᠢᠭᠦᠯᠵᠦ ᠪᠤᠢ ᠪᠣᠳᠣᠯᠭ᠎ᠠ᠂ ᠠᠷᠭ᠎ᠠ ᠬᠡᠮᠵᠢᠶ᠎ᠡ᠂ ᠬᠣᠯᠪᠣᠭᠣᠳᠠᠬᠤ ᠬᠠᠤᠯᠢ᠂ ᠵᠥᠪᠯᠡᠮᠵᠢ ᠊ᠢᠢᠨ ᠲᠠᠯ᠎ᠠ ᠪᠠᠷ ᠲᠠᠨᠢᠯᠴᠠᠭᠤᠯᠪᠠ


《ᠴᠠᠬᠢᠮ ᠠᠶᠢᠮᠠᠭ ᠪᠣᠳᠣᠯᠭ᠎ᠠ ᠊ᠢᠢᠨ ᠵᠥᠪᠯᠡᠮᠵᠢ》 ᠍ ᠊ᠢᠢᠨ ᠬᠡᠷᠡᠭᠵᠢᠯᠲᠡ ᠊ᠢᠢ ᠬᠠᠩᠭᠠᠬᠤ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠳᠤᠮᠳᠠᠭᠤᠪᠢ ᠠᠶᠢᠮᠠᠭ ᠲᠤ ᠥᠨᠥᠳᠥᠷ (᠒᠐᠒᠓.᠑᠐.᠐᠖) ᠠᠵᠢᠯᠯᠠᠵᠤ ᠪᠠᠶᠢᠨ᠎ᠠ᠃

ᠥᠨᠥᠳᠥᠷ ᠤᠨ ᠲᠠᠨᠢᠯᠴᠠᠭᠤᠯᠭ᠎ᠠ ᠮᠡᠳᠡᠭᠡᠯᠡᠯ᠂ ᠰᠤᠷᠭᠠᠯᠲᠠ ᠊ᠢᠢᠨ ᠦᠢᠯᠡ ᠠᠵᠢᠯᠯᠠᠭ᠎ᠠ ᠊ᠢᠢ ᠲᠤᠰ ᠠᠶᠢᠮᠠᠭ ᠤᠨ ᠵᠠᠰᠠᠭ ᠳᠠᠷᠤᠭ᠎ᠠ ᠼ ∙ ᠮᠥᠩᠬᠡᠪᠠᠲᠤ ᠨᠡᠭᠡᠭᠡᠵᠦ᠂ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠡᠴᠠ ᠬᠡᠷᠡᠭᠵᠢᠭᠦᠯᠵᠦ ᠪᠤᠢ ᠪᠣᠳᠣᠯᠭ᠎ᠠ᠂ ᠠᠷᠭ᠎ᠠ ᠬᠡᠮᠵᠢᠶ᠎ᠡ ᠪᠣᠯᠤᠨ ᠨᠡᠶᠢᠲᠡ ᠊ᠢᠢᠨ ᠮᠡᠳᠡᠭᠡᠯᠡᠯ ᠤᠨ ᠢᠯᠡ ᠲᠣᠳᠣ ᠪᠠᠶᠢᠳᠠᠯ ᠤᠨ ᠲᠤᠬᠠᠢ ᠬᠠᠤᠯᠢ᠂ ᠬᠦᠮᠦᠨ ᠊ᠤ ᠬᠤᠪ ᠤᠨ ᠮᠡᠳᠡᠭᠡᠯᠡᠯ ᠬᠠᠮᠠᠭᠠᠯᠠᠬᠤ ᠲᠤᠬᠠᠢ ᠬᠠᠤᠯᠢ᠂ ᠺᠢᠪᠧᠷ ᠠᠶᠤᠯ ᠦᠭᠡᠢ ᠪᠠᠶᠢᠳᠠᠯ ᠤᠨ ᠲᠤᠬᠠᠢ ᠬᠠᠤᠯᠢ᠂ ᠴᠠᠬᠢᠮ ᠭᠠᠷ ᠤᠨ ᠦᠰᠦᠭ ᠤᠨ ᠲᠤᠬᠠᠢ ᠬᠠᠤᠯᠢ ᠊ᠢᠢ ᠲᠠᠨᠢᠯᠴᠠᠭᠤᠯᠤᠯ᠎ᠠ᠃

ᠦᠷᠭᠦᠯᠵᠢᠯᠡᠭᠦᠯᠦᠨ ᠲᠥ᠊ ᠼᠠ᠊ ᠦ᠊ ᠽᠣ᠊ ᠭᠠ᠊- ᠤᠨ ᠨᠡᠶᠢᠰᠯᠡᠯ ᠬᠠᠷᠢᠭᠤᠴᠠᠭᠰᠠᠨ ᠳᠠᠷᠤᠭ᠎ᠠ ᠭ ∙ ᠥᠨᠢᠷᠴᠡᠴᠡᠭ 《ᠴᠠᠬᠢᠮ ᠠᠶᠢᠮᠠᠭ ᠪᠣᠳᠣᠯᠭ᠎ᠠ ᠊ᠢᠢᠨ ᠵᠥᠪᠯᠡᠮᠵᠢ》 ᠍ ᠤᠨ ᠲᠠᠯ᠎ᠠ ᠪᠠᠷ ᠮᠡᠳᠡᠭᠡᠯᠡᠯ ᠥᠭᠭᠦᠭᠰᠡᠨ ᠪᠣᠯ ᠳᠤᠮᠳᠠᠭᠣᠪᠢ ᠠᠶᠢᠮᠠᠭ ᠳ᠋ᠠᠬᠢ ᠲᠥᠷᠦ ᠊ᠢᠢᠨ ᠴᠠᠬᠢᠮ ᠦᠢᠯᠡᠴᠢᠯᠡᠭᠡᠨ ᠊ᠤ ᠬᠡᠯᠲᠡᠰ ᠤᠨ ᠳᠠᠷᠤᠭ᠎ᠠ ᠼ ∙ ᠬᠤᠯᠠᠨ ᠲᠤᠰ ᠠᠶᠢᠮᠠᠭ ᠤᠨ 《ᠴᠠᠬᠢᠮ ᠰᠢᠯᠵᠢᠯᠲᠡ ᠊ᠢᠢᠨ ᠴᠢᠭᠯᠡᠯ ᠊ᠢᠢᠡᠷ ᠬᠡᠷᠡᠭᠵᠢᠭᠦᠯᠦᠭᠰᠡᠨ ᠠᠷᠭ᠎ᠠ ᠬᠡᠮᠵᠢᠶ᠎ᠡ》 ᠍ ᠊ᠤ ᠲᠠᠯ᠎ᠠ ᠪᠠᠷ ᠮᠡᠳᠡᠭᠡᠯᠡᠯ᠎ᠡ᠃

ᠳᠤᠮᠳᠠᠭᠣᠪᠢ ᠠᠶᠢᠮᠠᠭ ᠤᠨ ᠲᠤᠬᠠᠢ ᠊ᠳᠤ ᠑᠕ ᠰᠤᠮᠤ᠂ ᠖᠘ ᠪᠠᠭ ᠤᠨ ᠔᠗ ᠮᠢᠩᠭ᠎ᠠ ᠭᠠᠷᠤᠢ ᠬᠦᠮᠦᠨ ᠠᠮᠠ ᠲᠠᠢ ᠪᠥᠭᠡᠳ ᠠᠶᠢᠮᠠᠭ ᠤᠨ ᠬᠡᠮᠵᠢᠶᠡᠨ ᠊ᠳᠦ ᠪᠦᠬᠦ ᠰᠤᠮᠤ ᠊ᠳᠤ ᠑᠐᠐ ᠬᠤᠪᠢ ᠰᠢᠯᠢᠨ ᠺᠠᠪᠧᠯ ᠤᠨ ᠰᠦᠯᠵᠢᠶᠡᠨ ᠊ᠳᠦ ᠬᠣᠯᠪᠣᠭᠳᠠᠭᠰᠠᠨ ᠣᠨᠴᠠᠯᠢᠭ ᠲᠠᠢ᠃

ᠴᠠᠬᠢᠮ ᠰᠢᠯᠵᠢᠯᠲᠡ ᠊ᠢᠢᠨ ᠬᠦᠷᠢᠶᠡᠨ ᠊ᠳᠦ Shilen.gov.mn ᠴᠠᠬᠢᠮ ᠫᠯᠠᠲ᠋ᠹᠣᠷᠮ ᠤᠨ ᠦᠨᠡᠯᠡᠭᠡ ᠔᠗᠂᠓ ᠬᠤᠪᠢ ᠡᠴᠠ ᠘᠘᠂᠘᠘ ᠬᠤᠪᠢ ᠪᠣᠯᠵᠤ ᠥᠰᠴᠠᠢ᠃ ᠮᠥᠨ ᠠᠶᠢᠮᠠᠭ ᠤᠨ ᠬᠡᠮᠵᠢᠶᠡᠨ ᠊ᠳᠦ ᠨᠡᠶᠢᠲᠡ ᠓᠓᠓᠐᠐ ᠢᠷᠭᠡᠨ ᠢ ᠲᠣᠭᠠᠨ ᠭᠠᠷ ᠤᠨ ᠦᠰᠦᠭ ᠲᠡᠢ ᠪᠣᠯᠭᠠᠬᠤ ᠪᠠᠷ ᠵᠣᠷᠢᠵᠤ ᠪᠤᠢ ᠡᠴᠠ ᠣᠳᠣ ᠪᠠᠷ ᠑᠘᠘᠐᠐ ᠪᠤᠶᠤ ᠕᠗ ᠬᠤᠪᠢ ᠨᠢ ᠲᠣᠭᠠᠨ ᠭᠠᠷ ᠤᠨ ᠦᠰᠦᠭ ᠲᠡᠢ ᠪᠣᠯᠤᠭᠰᠠᠨ ᠪᠠᠶᠢᠨ᠎ᠠ᠃ ᠲᠡᠭᠦᠨᠴᠢᠯᠡᠨ ᠢ-ᠮᠣᠩᠭᠣᠯ ᠠᠺᠠᠳᠧᠮᠢ》 ᠤ᠊ ᠲᠥ᠊ ᠦ᠊ ᠭᠠ᠊ ᠍ ᠲᠠᠢ ᠬᠠᠮᠲᠤᠷᠠᠨ ᠣᠷᠣᠨ ᠨᠤᠲᠤᠭ ᠤᠨ ᠙ ᠪᠠᠶᠢᠭᠤᠯᠤᠯᠭ᠎ᠠ ᠊ᠢᠢᠨ ᠖᠔ ᠦᠢᠯᠡᠴᠢᠯᠡᠭᠡ ᠊ᠢᠢ ᠴᠠᠬᠢᠮᠵᠢᠭᠤᠯᠤᠨ ᠣᠫᠧᠷᠠᠲ᠋ᠣᠷ ᠤᠨ ᠰᠢᠰᠲ᠋ᠧᠮ ᠊ᠳᠦ ᠨᠢᠭᠡᠳᠬᠡᠵᠡᠢ᠃

ᠨᠡᠶᠢᠲᠡᠯᠡᠭᠰᠡᠨ᠄