ᠦᠨᠳᠦᠰᠦᠨ ᠊ᠤ ᠳᠠᠲ᠋ᠠ ᠲᠥᠪ ISO27001 ᠣ᠊ ᠤ-ᠤᠨ ᠰᠧᠷᠲ᠋ᠢᠹᠢᠺᠠᠲ ᠊ᠢᠢᠠᠷ ᠦᠢᠯᠡ ᠠᠵᠢᠯᠯᠠᠭ᠎ᠠ ᠊ᠢᠢ ᠪᠠᠨ ᠠᠯᠪᠠᠨ ᠶᠣᠰᠣᠭᠠᠷ ᠪᠠᠲᠤᠯᠠᠮᠵᠢᠯᠠᠯ᠎ᠠ


ᠮᠣᠩᠭᠣᠯ ᠤᠯᠤᠰ ᠤᠨ ᠶᠡᠷᠦᠩᠬᠡᠶᠢᠯᠡᠭᠴᠢ ᠊ᠢᠢᠨ ᠪᠦᠭᠦᠳᠡ ᠨᠠᠶᠢᠷᠠᠮᠳᠠᠬᠤ ᠹᠷᠠᠨᠼᠢ ᠤᠯᠤᠰ ᠲᠤ ᠬᠢᠵᠦ ᠪᠤᠢ ᠠᠶᠢᠯᠴᠢᠯᠠᠯ ᠤᠨ ᠦᠶ᠎ᠡ ᠪᠡᠷ ᠼᠠ᠊ ᠬᠥ᠊ ᠬᠠ᠊ ᠬᠣ᠊ ᠰᠠᠶᠢᠳ ᠨ ∙ ᠤᠴᠠᠷᠠᠯ᠂ ᠦᠨᠳᠦᠰᠦᠨ ᠊ᠤ ᠳᠠᠲ᠋ᠠ ᠲᠥᠪ ᠤᠨ ᠵᠠᠬᠢᠷᠤᠯ ᠮ ∙ ᠪᠠᠲᠤᠲᠤᠯᠭ᠎ᠠ ᠨᠠᠷ AFNOR ᠣᠯᠠᠨ ᠤᠯᠤᠰ ᠤᠨ ᠪᠠᠶᠢᠭᠤᠯᠤᠯᠭ᠎ᠠ ᠡᠴᠠ 《ᠮᠣᠩᠭᠣᠯ ᠤᠨ ᠦᠨᠳᠦᠰᠦᠨ ᠊ᠤ ᠳᠠᠲ᠋ᠠ ᠲᠥᠪ》 ᠍ ᠲᠤ ᠣᠯᠭᠤᠭᠰᠠᠨ 《ᠮᠡᠳᠡᠭᠡᠯᠡᠯ ᠤᠨ ᠠᠶᠤᠯ ᠦᠭᠡᠢ ᠪᠠᠶᠢᠳᠠᠯ ᠤᠨ ᠮᠧᠨᠧᠵᠮᠧᠨᠲ ᠤᠨ ᠲᠣᠭᠲᠠᠯᠴᠠᠭ᠎ᠠ ISO 27001》 ᠭᠡᠷᠡᠴᠢᠯᠡᠭᠡ ᠊ᠢᠢ ᠭᠠᠷᠳᠠᠵᠤ ᠠᠪᠤᠯ᠎ᠠ᠃

ᠲᠥᠷᠥ ᠊ᠢᠢᠨ ᠴᠠᠬᠢᠮ ᠰᠢᠯᠵᠢᠯᠲᠡ ᠶᠢ ᠳᠡᠮᠵᠢᠬᠦ ᠡᠷᠬᠡ ᠵᠦᠢ ᠶᠢᠨ ᠣᠷᠴᠢᠨ ᠤ ᠰᠠᠭᠤᠷᠢ ᠬᠠᠤᠯᠢ ᠨᠤᠭᠤᠳ ᠪᠠᠲᠤᠯᠠᠭᠳᠠᠵᠤ᠂ ᠺᠢᠪᠧᠷ ᠠᠶᠤᠯ ᠦᠭᠡᠢ ᠪᠠᠶᠢᠳᠠᠯ ᠤᠨ ᠲᠤᠬᠠᠢ ᠬᠠᠤᠯᠢ ᠪᠠᠷ ᠊ᠢᠢᠠᠨ ᠦᠨᠳᠦᠰᠦᠨ ᠊ᠤ ᠳᠠᠲ᠋ᠠ ᠲᠥᠪ ᠨᠢ 《ᠣᠨᠴᠠ ᠴᠢᠬᠤᠯᠠ ᠮᠡᠳᠡᠭᠡᠯᠡᠯ ᠤᠨ ᠳᠡᠳ᠋ ᠪᠦᠲᠦᠴᠡ ᠪᠦᠬᠦᠢ ᠪᠠᠶᠢᠭᠤᠯᠤᠯᠭ᠎ᠠ》 ᠍ ᠳᠦ ᠲᠠᠯᠪᠢᠭᠳᠠᠬᠤ ᠴᠠᠬᠢᠮ ᠮᠡᠳᠡᠭᠡᠯᠡᠯ ᠤᠨ ᠠᠶᠤᠯ ᠦᠭᠡᠢ ᠪᠠᠶᠢᠳᠠᠯ ᠤᠨ ᠴᠢᠭᠯᠡᠯ ᠊ᠢᠢᠡᠷ ᠲᠤᠰᠬᠠᠶᠢᠯᠠᠨ ᠵᠢᠭᠠᠭᠰᠠᠨ ᠡᠭᠦᠷᠭᠡ ᠬᠠᠷᠢᠭᠤᠴᠠᠯᠭ᠎ᠠ ᠬᠦᠯᠢᠶᠡᠭᠰᠡᠨ᠃

ᠮᠡᠳᠡᠭᠡᠯᠡᠯ ᠤᠨ ᠠᠶᠤᠯ ᠦᠭᠡᠢ ᠪᠠᠶᠢᠳᠠᠯ ᠤᠨ ᠮᠧᠨᠧᠵᠮᠧᠨᠲ ᠤᠨ ᠲᠣᠭᠲᠠᠯᠴᠠᠭᠠᠨ ᠊ᠤ ᠣᠯᠠᠨ ᠤᠯᠤᠰ ᠤᠨ ᠱᠠᠭᠠᠷᠳᠠᠯᠭ᠎ᠠ ᠊ᠢᠢ ᠬᠠᠩᠭᠠᠬᠤ ᠴᠢᠭᠯᠡᠯ ᠊ᠳᠦ ᠼᠠ᠊ ᠬᠥ᠊ ᠬᠠ᠊ ᠬᠣ᠊ ᠶᠠ᠊ -ᠡᠴᠠ ᠥᠭᠭᠦᠭᠳᠡᠭᠰᠡᠨ ᠴᠢᠭ ᠡᠭᠦᠷᠭᠡ᠂ ᠬᠣᠯᠪᠣᠭᠳᠠᠬᠤ ᠪᠠᠶᠢᠭᠤᠯᠤᠯᠭ᠎ᠠ ᠊ᠢᠢᠨ ᠬᠢᠨᠠᠯᠲᠠ᠂ ᠰᠲ᠋ᠠᠨᠳᠠᠷᠲ ᠤᠨ ᠮᠡᠷᠭᠡᠵᠢᠯ ᠤᠨ ᠪᠠᠶᠢᠭᠤᠯᠤᠯᠭ᠎ᠠ ᠊ᠢᠢᠨ ᠵᠥᠪᠯᠡᠮᠵᠢ ᠊ᠢᠢᠨ ᠳᠠᠭᠠᠤ ᠠᠷᠭ᠎ᠠ ᠬᠡᠮᠵᠢᠶ᠎ᠡ ᠊ᠢᠢ ᠠᠪᠴᠤ ᠬᠡᠷᠡᠭᠵᠢᠭᠦᠯᠵᠦ᠂ ᠹᠷᠠᠨᠼᠢ ᠤᠯᠤᠰ ᠤᠨ AFNOR ᠪᠠᠲᠤᠯᠠᠭᠠᠵᠢᠭᠤᠯᠤᠯᠲᠠ ᠊ᠢᠢᠨ ᠪᠠᠶᠢᠭᠤᠯᠤᠯᠭ᠎ᠠ ᠊ᠢᠢᠨ ᠮᠣᠩᠭᠣᠯ ᠤᠯᠤᠰ ᠳᠠᠬᠢ ᠢᠲᠡᠭᠡᠮᠵᠢᠯᠡᠭᠳᠡᠭᠰᠡᠨ ᠪᠠᠶᠢᠭᠤᠯᠤᠯᠭ᠎ᠠ ᠪᠣᠯᠬᠤ 《ᠮᠣᠨᠰᠧᠷᠲ᠋ᠹ》 ХХК ᠍ ᠢ ᠪᠠᠷ ᠳᠠᠮᠵᠢᠭᠤᠯᠤᠨ ᠒ ᠱᠠᠲᠤᠨ ᠊ᠤ ᠠᠦ᠋ᠳᠢᠲ ᠊ᠳᠤ ᠬᠠᠮᠤᠷᠤᠭᠳᠠᠭᠰᠠᠨ ᠊ᠢᠢᠠᠷ ᠠᠮᠵᠢᠯᠲᠠ ᠲᠠᠢ ᠨᠡᠪᠲᠡᠷᠡᠭᠦᠯᠦᠯ᠎ᠡ᠃

ᠡᠨᠡ ᠨᠢ ᠣᠯᠠᠨ ᠤᠯᠤᠰ ᠤᠨ ᠰᠧᠷᠲ᠋ᠢᠹᠢᠺᠠᠲ ᠢᠶᠠᠷ ᠦᠢᠯᠡ ᠠᠵᠢᠯᠯᠠᠭ᠎ᠠ ᠶᠢ ᠪᠠᠨ ᠪᠠᠲᠤᠯᠠᠭᠠᠵᠢᠭᠤᠯᠵᠤ᠂ ᠮᠡᠳᠡᠭᠡᠯᠡᠯ ᠦᠨ ᠠᠦ᠋ᠲ᠋ᠣᠮᠠᠲᠵᠢᠭᠤᠯᠤᠭᠰᠠᠨ ᠪᠠᠩᠬᠢ ᠤᠨ ᠰᠲ᠋ᠠᠨᠳᠠᠷᠲ ᠢ ᠳᠣᠲᠣᠭᠠᠳᠤ ᠊ᠳᠤ ᠪᠠᠨ ᠮᠥᠷᠳᠡᠵᠦ ᠠᠯᠢᠪᠠ ᠡᠷᠦᠰᠳᠡᠯ ᠡᠴᠡ ᠤᠷᠢᠳᠴᠢᠯᠠᠨ ᠰᠡᠷᠭᠡᠶᠢᠯᠡᠬᠦ ᠮᠧᠨᠧᠵᠮᠧᠨᠲ ᠤᠨ ᠲᠣᠭᠲᠠᠯᠴᠠᠭ᠎ᠠ ᠊ᠢᠢ ᠪᠤᠢ ᠪᠣᠯᠭᠠᠵᠤ ᠠᠵᠢᠯᠯᠠᠬᠤ ᠪᠣᠯᠤᠮᠵᠢ ᠪᠣᠯᠤᠯᠴᠠᠭ᠎ᠠ ᠊ᠢᠢ ᠪᠦᠷᠢᠳᠦᠭᠦᠯᠦᠭᠰᠡᠨ ᠴᠢᠬᠤᠯᠠ ᠠᠯᠬᠤᠮ ᠪᠣᠯᠤᠯ᠎ᠠ

ᠤᠭ ᠰᠲ᠋ᠠᠨᠳᠠᠷᠲ ᠨᠢ ᠪᠠᠶᠢᠭᠤᠯᠤᠯᠭ᠎ᠠ ᠳᠤ ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠮᠧᠨᠧᠵᠮᠧᠨᠲ ᠦᠨ ᠲᠣᠭᠲᠠᠯᠴᠠᠭ᠎ᠠ ᠶᠢ ᠪᠦᠷᠢᠳᠦᠭᠦᠯᠬᠦ᠂ ᠪᠠᠶᠢᠭᠤᠯᠤᠯᠭ᠎ᠠ ᠶᠢᠨ ᠮᠡᠳᠡᠭᠡᠯᠡᠯ ᠦᠨ ᠬᠥᠷᠦᠩᠭᠡ᠂ ᠲᠡᠭᠦᠨ ᠦ ᠣᠷᠣᠯᠴᠠᠭᠴᠢ ᠲᠠᠯ ᠤᠳ ᠤᠨ ᠠᠶᠤᠯ ᠦᠭᠡᠢ ᠪᠠᠶᠢᠳᠠᠯ ᠢ ᠬᠠᠩᠭᠠᠬᠤ᠂ ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠲᠠᠰᠤᠷᠠᠯᠲᠠ ᠦᠭᠡᠢ ᠰᠠᠶᠢᠵᠢᠷᠠᠬᠤ ᠪᠣᠯᠤᠮᠵᠢ ᠊ᠢᠢ ᠣᠯᠭᠤᠳᠠᠭ ᠳᠠᠪᠠᠭᠤ ᠲᠠᠯ᠎ᠠ ᠲᠠᠢ᠃

ᠨᠡᠶᠢᠲᠡᠯᠡᠭᠰᠡᠨ᠄