ᠬᠣ᠊ ᠪᠦ᠊ ᠨᠠ᠊ ᠭ᠋᠊ ᠤ᠊-ᠤᠨ ᠪᠧᠷᠯᠢᠨ ᠬᠣᠲᠠ ᠊ᠢᠢᠨ ᠡᠯᠴᠢᠨ ᠰᠠᠶᠢᠳ ᠤᠨ ᠶᠠᠮᠤᠨ ᠊ᠳᠤ ᠲᠥᠷᠦ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭᠡ ᠦᠢᠯᠡ ᠠᠵᠢᠯᠯᠠᠭ᠎ᠠ ᠊ᠢᠢ ᠪᠠᠨ ᠡᠬᠢᠯᠡᠭᠦᠯᠦᠯ᠎ᠡ


ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠒᠐᠒᠓.᠑᠐.᠒᠓ ᠍ ᠊ᠤ ᠡᠳᠦᠷ ᠡᠴᠡ ᠒᠐᠒᠓.᠑᠑.᠐᠑ ᠍ ᠊ᠤ ᠡᠳᠦᠷ ᠤᠳ ᠲᠦ ᠬᠣ᠊ ᠪᠦ᠊ ᠨᠠ᠊ ᠭ᠋᠊ ᠤ᠊- ᠤᠨ ᠪᠧᠷᠯᠢᠨ ᠬᠣᠲᠠ᠂ ᠪᠦᠭᠦᠳᠡ ᠨᠠᠶᠢᠷᠠᠮᠳᠠᠬᠤ ᠡᠰᠲ᠋ᠣᠨᠢ ᠤᠯᠤᠰ ᠤᠨ ᠲᠠᠯᠯᠢᠨ ᠬᠣᠲᠣᠨ ᠊ᠢᠢᠠᠨ ᠠᠯᠪᠠᠨ ᠲᠣᠮᠢᠯᠠᠯᠲᠠ ᠲᠠᠢ ᠠᠵᠢᠯᠯᠠᠵᠤ ᠪᠠᠶᠢᠨ᠎ᠠ᠃ ᠡᠨᠡ ᠬᠦᠷᠢᠶᠡᠨ ᠊ᠳᠦ ᠲᠥᠷᠦ ᠊ᠢᠢᠨ ᠴᠠᠬᠢᠮ ᠦᠢᠯᠡᠴᠢᠯᠡᠭᠡ ᠊ᠢᠢ ᠢᠷᠭᠡᠨ ᠲᠠᠨ ᠊ᠳᠤ ᠬᠠᠮᠢᠭ᠎ᠠ ᠡᠴᠠ ᠴᠤ ᠣᠶᠢᠷ᠎ᠠ᠂ ᠬᠤᠷᠳᠤᠨ ᠰᠢᠭᠤᠷᠬᠠᠢ ᠬᠦᠷᠭᠡᠬᠦ 《ᠬᠤᠷᠳᠤᠨ》 ᠴᠡᠭᠡ ᠊ᠢ ᠬᠣ᠊ ᠪᠱ᠊ ᠨᠠ᠊ ᠭ᠋᠊ ᠤ᠊-ᠤᠨ ᠪᠧᠷᠯᠢᠨ ᠬᠣᠲᠠ ᠊ᠢᠢᠨ ᠡᠯᠴᠢᠨ ᠰᠠᠶᠢᠳ ᠤᠨ ᠶᠠᠮᠤᠨ ᠊ᠳᠤ ᠨᠡᠭᠡᠭᠡᠯ᠎ᠡ᠃

ᠲᠤᠰ ᠡᠯᠴᠢᠨ ᠰᠠᠶᠢᠳ ᠤᠨ ᠶᠠᠮᠤᠨ ᠊ᠳᠤ ᠲᠥᠷᠦ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭᠡ ᠨᠡᠭᠡᠭᠡᠭᠳᠡᠭᠰᠡᠨ ᠊ᠢᠢᠡᠷ ᠪᠧᠷᠯᠢᠨ ᠬᠣᠲᠠᠳ ᠰᠤᠷᠴᠤ᠂ ᠠᠵᠢᠯᠯᠠᠵᠤ᠂ ᠠᠮᠢᠳᠤᠷᠠᠵᠤ ᠪᠤᠢ ᠗᠐᠐᠐ ᠭᠠᠷᠤᠢ ᠮᠣᠩᠭᠣᠯ ᠤᠯᠤᠰ ᠤᠨ ᠢᠷᠭᠡᠨ ᠲᠥᠷᠦ ᠊ᠢᠢᠨ ᠓᠕ ᠪᠠᠶᠢᠭᠤᠯᠤᠯᠭ᠎ᠠ ᠊ᠢᠢᠨ ᠔᠘᠕ ᠲᠥᠷᠦᠯ ᠤᠨ ᠦᠢᠯᠡᠴᠢᠯᠡᠭᠡ᠂ ᠙᠔ ᠲᠥᠷᠦᠯ ᠤᠨ ᠯᠠᠪᠯᠠᠭᠠᠭ᠎ᠠ᠂ ᠲᠣᠳᠣᠷᠬᠠᠶᠢᠯᠠᠯᠲᠠ ᠊ᠢᠢ ᠬᠠᠮᠢᠭ᠎ᠠ ᠡᠴᠠ ᠴᠤ ᠣᠶᠢᠷ᠎ᠠ ᠡᠴᠠ᠂ ᠦᠨ᠎ᠡ ᠲᠥᠯᠦᠪᠦᠷᠢ᠂ ᠬᠦᠨᠳᠦᠷᠡᠯ᠂ ᠴᠢᠷᠭᠳᠡᠯ ᠦᠭᠡᠢ᠂ ᠬᠤᠷᠳᠤᠨ᠂ ᠰᠢᠭᠤᠷᠬᠠᠢ ᠠᠪᠬᠤ ᠪᠣᠯᠤᠮᠵᠢ ᠪᠦᠷᠢᠳᠴᠦ ᠪᠠᠶᠢᠨ᠎ᠠ᠃

ᠴᠢᠨᠠᠭᠰᠢᠳᠠ ᠦᠢᠯᠡᠴᠢᠯᠡᠭᠡᠨ ᠊ᠤ ᠲᠥᠷᠥᠯ᠂ ᠲᠣᠭ᠎ᠠ ᠊ᠢᠢ ᠨᠡᠮᠡᠭᠳᠡᠭᠦᠯᠵᠦ᠂ ᠡᠨᠡ ᠣᠨ ᠊ᠳᠤ ᠪᠠᠭᠲᠠᠨ ᠕᠕ ᠪᠠᠶᠢᠭᠤᠯᠤᠯᠭ᠎ᠠ ᠊ᠢᠢᠨ ᠘᠐᠐ ᠣᠷᠴᠢᠮ ᠦᠢᠯᠡᠴᠢᠯᠡᠭᠡ ᠊ᠢᠢ ᠲᠥᠷᠥ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭᠡ ᠊ᠢᠢᠡᠷ ᠳᠠᠮᠵᠢᠭᠤᠯᠤᠨ ᠬᠦᠷᠭᠡᠬᠦ ᠪᠠ ᠴᠢᠨᠠᠭᠰᠢᠳᠠ ᠔᠐ ᠭᠠᠷᠤᠢ ᠳ᠋ᠢᠫᠯᠣᠮᠠᠲ ᠲᠥᠯᠥᠭᠡᠯᠡᠭᠴᠢ ᠊ᠢᠢᠨ ᠭᠠᠵᠠᠷ ᠊ᠢᠢᠠᠷ ᠳᠠᠮᠵᠢᠭᠤᠯᠤᠨ ᠲᠥᠷᠥ ᠊ᠢᠢᠨ ᠦᠢᠯᠡᠴᠢᠯᠡᠭᠡ ᠊ᠢᠢ ᠭᠠᠳᠠᠭᠠᠳᠤ ᠤᠯᠤᠰ ᠲᠤ ᠠᠵᠢᠯᠯᠠᠵᠤ᠂ ᠠᠮᠢᠳᠤᠷᠠᠵᠤ ᠪᠤᠢ ᠢᠷᠭᠡᠳ ᠲᠦ ᠪᠡᠨ ᠬᠦᠷᠭᠡᠬᠦ ᠪᠡᠷ ᠲᠥᠯᠥᠪᠯᠡᠨ ᠠᠵᠢᠯᠯᠠᠵᠤ ᠪᠠᠶᠢᠨ᠎ᠠ᠃

ᠥᠨᠥᠳᠥᠷ ᠤᠨ ᠪᠠᠶᠢᠳᠠᠯ ᠊ᠢᠢᠠᠷ ᠲᠥᠷᠥ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》ᠴᠡᠭᠡ ᠊ᠢ ᠮᠣᠩᠭᠣᠯ ᠤᠯᠤᠰ ᠤᠨ ᠬᠡᠮᠵᠢᠶᠡᠨ ᠊ᠳᠦ ᠑᠓᠐ ᠴᠡᠭᠡ ᠊ᠳᠦ ᠨᠡᠭᠡᠭᠡᠭᠰᠡᠨ ᠪᠣᠯ ᠪᠧᠷᠯᠢᠨ ᠬᠣᠲᠠ ᠊ᠢᠢᠨ 《ᠬᠤᠷᠳᠤᠨ》 ᠴᠡᠭᠡ ᠨᠢ ᠬᠢᠯᠢ ᠊ᠢᠢᠨ ᠴᠢᠨᠠᠳᠤ ᠊ᠳᠤ ᠪᠠᠶᠢᠭᠤᠯᠤᠭᠳᠠᠭᠰᠠᠨ ᠘ ᠳᠠᠬᠢ ᠤᠯᠤᠰ ᠤᠨ ᠑᠒ ᠳᠠᠬᠢ ᠴᠡᠭᠡ ᠪᠣᠯᠵᠤ ᠪᠠᠶᠢᠨ᠎ᠠ᠃

ᠲᠥᠷᠥ ᠊ᠢᠢᠨ ᠴᠠᠬᠢᠮ ᠦᠢᠯᠡᠴᠢᠯᠡᠭᠡ ᠬᠠᠮᠢᠭ᠎ᠠ ᠡᠴᠠ ᠴᠤ ᠣᠶᠢᠷ᠎ᠠ ᠬᠤᠷᠳᠤᠨ.᠃

ᠨᠡᠶᠢᠲᠡᠯᠡᠭᠰᠡᠨ᠄