ᠺᠢᠪᠧᠷ ᠠᠶᠤᠯ ᠦᠭᠡᠢ ᠪᠠᠶᠢᠳᠠᠯ ᠊ᠢᠢᠠᠨ ᠬᠠᠮᠲᠤᠷᠠᠨ ᠬᠠᠮᠠᠭᠠᠯᠠᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ᠂ ᠬᠠᠷᠢᠯᠴᠠᠭ᠎ᠠ ᠬᠣᠯᠪᠣᠭᠠᠨ ᠊ᠤ ᠵᠣᠬᠢᠴᠠᠭᠤᠯᠬᠤ ᠬᠣᠷᠢᠶ᠎ᠠ᠂ ᠺᠢᠪᠧᠷ ᠠᠶᠤᠯ ᠦᠭᠡᠢ ᠪᠠᠶᠢᠳᠠᠯ ᠤᠨ ᠵᠥᠪᠯᠡᠯ ᠤᠨ ᠠᠵᠢᠯ ᠤᠨ ᠠᠯᠪᠠ ᠬᠠᠮᠲᠤᠷᠠᠨ 《ᠺᠢᠪᠧᠷ ᠲᠤᠰᠠᠭᠠᠷ ᠲᠣᠭᠲᠠᠨᠢᠯ》 ᠹᠣᠷᠣᠮ ᠵᠣᠬᠢᠶᠠᠨ ᠪᠠᠶᠢᠭᠤᠯᠵᠤ ᠪᠠᠶᠢᠨ᠎ᠠ᠃

ᠹᠣᠷᠣᠮ ᠊ᠳᠤ ᠮᠣᠩᠭᠣᠯ ᠤᠯᠤᠰ ᠤᠨ ᠺᠢᠪᠧᠷ ᠠᠶᠤᠯ ᠦᠭᠡᠢ ᠪᠠᠶᠢᠳᠠᠯ ᠤᠨ ᠲᠣᠭᠲᠠᠯᠴᠠᠭᠠᠨ ᠊ᠳᠤ ᠴᠢᠬᠤᠯᠠ ᠡᠭᠦᠷᠭᠡ ᠲᠡᠢ ᠲᠥᠷᠥ᠂ ᠬᠤᠪ ᠤᠨ ᠬᠡᠪᠰᠢᠯ᠂ ᠢᠷᠭᠡᠨ ᠊ᠤ ᠨᠡᠶᠢᠭᠡᠮ ᠤᠨ ᠲᠥᠯᠥᠭᠡᠯᠡᠯ ᠗᠙ ᠪᠠᠶᠢᠭᠤᠯᠤᠯᠭ᠎ᠠ ᠊ᠢᠢᠨ ᠑᠗᠐ ᠣᠷᠴᠢᠮ ᠲᠥᠯᠥᠭᠡᠯᠡᠭᠴᠢ ᠣᠷᠣᠯᠴᠠᠵᠤ ᠪᠠᠶᠢᠭ᠎ᠠ ᠶᠤᠮ᠃

ᠺᠢᠪᠧᠷ ᠠᠶᠤᠯ ᠦᠭᠡᠢ ᠪᠠᠶᠢᠳᠠᠯ ᠤᠨ ᠦᠨᠳᠦᠰᠦᠨ ᠊ᠤ ᠲᠣᠭᠲᠠᠯᠴᠠᠭ᠎ᠠ ᠊ᠢᠢ ᠪᠠᠨ ᠪᠡᠬᠢᠵᠢᠭᠦᠯᠬᠦ᠂ ᠣᠨᠴᠠ ᠴᠢᠬᠤᠯᠠ ᠮᠡᠳᠡᠭᠡᠯᠡᠯ ᠤᠨ ᠳᠡᠳ᠋ ᠪᠦᠲᠦᠴᠡ ᠲᠡᠢ ᠪᠠᠶᠢᠭᠤᠯᠤᠯᠭ᠎ᠠ ᠨᠤᠭᠤᠳ ᠤᠨ ᠡᠭᠦᠷᠭᠡ᠂ ᠣᠷᠣᠯᠴᠠᠭ᠎ᠠ ᠊ᠢᠢ ᠬᠠᠩᠭᠠᠬᠤ ᠠᠷᠭ᠎ᠠ ᠵᠠᠮ᠂ ᠺᠢᠪᠧᠷ ᠠᠶᠤᠯ ᠵᠠᠨᠤᠯ ᠤᠨ ᠥᠨᠥ ᠊ᠢᠢᠨ ᠨᠥᠬᠥᠴᠡᠯ ᠪᠠᠶᠢᠳᠠᠯ ᠤᠨ ᠲᠠᠯᠠᠭᠠᠷᠬᠢ ᠦᠨᠳᠦᠰᠦᠨ ᠢᠯᠡᠳᠬᠡᠯ ᠤᠳ ᠲᠠᠯᠪᠢᠭᠳᠠᠨ᠎ᠠ᠃ ᠴᠢᠨᠠᠭᠰᠢᠳᠠ ᠬᠢᠬᠦ ᠠᠵᠢᠯ᠂ ᠰᠢ ᠳᠦ ᠬᠢ ᠠᠰᠠᠭᠤᠳᠠᠯ᠂ ᠲᠥᠷᠥ᠂ ᠬᠤᠪ ᠤᠨ ᠬᠡᠪᠰᠢᠯ᠂ ᠣᠯᠠᠨ ᠨᠡᠶᠢᠲᠡ ᠬᠡᠷᠬᠢᠨ ᠬᠠᠮᠲᠤᠷᠠᠨ ᠠᠵᠢᠯᠯᠠᠬᠤ ᠲᠠᠯ᠎ᠠ ᠪᠠᠷ ᠬᠡᠯᠡᠯᠴᠡᠨ ᠶᠠᠷᠢᠯᠴᠠᠵᠤ ᠪᠠᠶᠢᠨ᠎ᠠ᠃

ᠹᠣᠷᠣᠮ ᠤᠨ ᠠᠴᠢ ᠬᠣᠯᠪᠣᠭᠳᠠᠯ ᠨᠢ ᠲᠥᠷᠥ᠂ ᠢᠷᠭᠡᠨ᠂ ᠬᠤᠪ ᠤᠨ ᠬᠡᠪᠰᠢᠯ ᠮᠡᠳᠡᠭᠡᠯᠡᠯ ᠰᠤᠯᠢᠯᠴᠠᠬᠤ᠂ ᠮᠡᠳᠡᠭᠡᠯᠡᠯ ᠤᠨ ᠨᠢᠭᠤᠴᠠᠯᠠᠯ᠂ ᠪᠦᠷᠢᠨ ᠪᠦᠲᠦᠨ᠂ ᠬᠦᠷᠲᠡᠭᠡᠮᠵᠢᠲᠡᠢ ᠪᠠᠶᠢᠳᠠᠯ ᠤᠨ ᠬᠡᠮ ᠬᠡᠮᠵᠢᠶ᠎ᠡ᠂ ᠰᠲ᠋ᠠᠨᠳᠠᠷᠲ ᠲᠣᠭᠲᠠᠭᠠᠨ ᠮᠥᠷᠳᠡᠬᠦ᠂ ᠺᠢᠪᠧᠷ ᠭᠡᠮᠲᠦ ᠬᠡᠷᠡᠭ ᠡᠴᠡ ᠰᠡᠷᠭᠡᠶᠢᠯᠡᠬᠦ ᠳᠦ ᠬᠠᠮᠲᠤᠷᠠᠨ ᠠᠵᠢᠯᠯᠠᠬᠤ ᠠᠷᠭ᠎ᠠ ᠵᠠᠮ ᠤᠳ ᠊ᠢᠢᠠᠨ ᠲᠣᠳᠣᠷᠬᠠᠶᠢᠯᠠᠬᠤ ᠊ᠳᠤ ᠣᠷᠣᠰᠢᠵᠤ ᠪᠠᠶᠢᠨ᠎ᠠ᠃

ᠨᠡᠶᠢᠲᠡᠯᠡᠭᠰᠡᠨ᠄