ᠰᠢᠪ᠋᠋ᠢᠶᠡᠳᠦ ᠊ᠢᠢᠨ ᠬᠠᠭᠠᠨᠲᠤ ᠤᠯᠤᠰ ᠤᠨ ᠰᠲ᠋ᠣᠺ ᠬᠢᠯᠮ ᠬᠣᠲᠠ ᠊ᠢᠢᠨ ᠡᠯᠴᠢᠨ ᠰᠠᠶᠢᠳ ᠤᠨ ᠶᠠᠮᠤᠨ ᠊ᠳᠤ ᠲᠥᠷᠥ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭᠡ ᠢ ᠨᠡᠪᠲᠡᠷᠡᠭᠦᠯᠦᠯ᠎ᠡ


ᠲᠥᠷᠦ ᠊ᠢᠢᠨ ᠴᠠᠬᠢᠮ ᠦᠢᠯᠡᠴᠢᠯᠡᠭᠡ ᠊ᠢᠢ ᠢᠷᠭᠡᠨ ᠲᠠᠨ ᠊ᠳᠤ ᠬᠠᠮᠢᠭ᠎ᠠ ᠡᠴᠠ ᠴᠤ ᠣᠶᠢᠷ᠎ᠠ᠂ ᠬᠤᠷᠳᠤᠨ ᠰᠢᠭᠤᠷᠬᠠᠢ ᠬᠦᠷᠭᠡᠬᠦ 《ᠬᠤᠷᠳᠤᠨ》 ᠴᠡᠭᠡ ᠢ ᠰᠢᠪᠢᠶᠡᠳᠤ ᠊ᠢᠢᠨ ᠬᠠᠭᠠᠨᠲᠤ ᠤᠯᠤᠰ ᠤᠨ ᠰᠲ᠋ᠣᠺ ᠬᠢᠯᠮ ᠬᠣᠲᠠ ᠊ᠢᠢᠨ ᠡᠯᠴᠢᠨ ᠰᠠᠶᠢᠳ ᠤᠨ ᠶᠠᠮᠤᠨ ᠊ᠳᠤ ᠨᠡᠭᠡᠭᠡᠯ᠎ᠡ᠃

ᠲᠤᠰ ᠡᠯᠴᠢᠨ ᠰᠠᠶᠢᠳ ᠤᠨ ᠶᠠᠮᠤᠨ ᠊ᠳᠤ ᠲᠥᠷᠦ ᠊ᠶᠢᠨ ᠴᠠᠬᠢᠮ ᠦᠢᠯᠡᠴᠢᠯᠡᠭᠡᠨ ᠊ᠤ《ᠬᠤᠷᠳᠤᠨ》 ᠴᠡᠭᠡ ᠨᠡᠭᠡᠭᠡᠭᠳᠡᠭᠰᠡᠨ ᠊ᠢᠢᠡᠷ ᠰᠲ᠋ᠣᠺ ᠬᠢᠯᠮ ᠬᠣᠲᠠᠳ ᠰᠤᠷᠴᠤ᠂ ᠠᠵᠢᠯᠯᠠᠵᠤ᠂ ᠠᠮᠢᠳᠤᠷᠠᠵᠤ ᠪᠤᠢ ᠑᠒ ᠮᠢᠩᠭ᠎ᠠ ᠭᠠᠷᠤᠢ ᠮᠣᠩᠭᠣᠯ ᠤᠯᠤᠰ ᠤᠨ ᠢᠷᠭᠡᠨ ᠲᠥᠷᠦ ᠊ᠢᠢᠨ ᠓᠕ ᠪᠠᠶᠢᠭᠤᠯᠤᠯᠭ᠎ᠠ ᠊ᠢᠢᠨ ᠔᠘᠕ ᠲᠥᠷᠦᠯ ᠤᠨ ᠦᠢᠯᠡᠴᠢᠯᠡᠭᠡ᠂ ᠙᠔ ᠲᠥᠷᠦᠯ ᠤᠨ ᠯᠠᠪᠯᠠᠭᠠᠭ᠎ᠠ᠂ ᠲᠣᠳᠣᠷᠬᠠᠶᠢᠯᠠᠯᠲᠠ ᠊ᠢᠢ ᠬᠠᠮᠢᠭ᠎ᠠ ᠡᠴᠠ ᠴᠤ ᠣᠶᠢᠷ᠎ᠠ ᠡᠴᠠ᠂ ᠦᠨ᠎ᠡ ᠲᠥᠯᠦᠪᠦᠷᠢ᠂ ᠬᠦᠨᠳᠦᠷᠡᠯ᠂ ᠴᠢᠷᠭᠳᠡᠯ ᠦᠭᠡᠢ᠂ ᠬᠤᠷᠳᠤᠨ᠂ ᠰᠢᠭᠤᠷᠬᠠᠢ ᠠᠪᠬᠤ ᠪᠣᠯᠤᠮᠵᠢ ᠪᠦᠷᠢᠳᠴᠦ ᠪᠠᠶᠢᠨ᠎ᠠ᠃

ᠰᠲ᠋ᠣᠺ ᠬᠢᠯᠮ ᠬᠣᠲᠠ ᠳᠠᠬᠢ ᠡᠯᠴᠢᠨ ᠰᠠᠶᠢᠳ ᠤᠨ ᠶᠠᠮᠤᠨ ᠡᠴᠠ ᠕᠐᠐᠐ ᠭᠠᠷᠤᠢ ᠺᠣᠨᠰᠤᠶᠢᠯ ᠤᠨ ᠦᠢᠯᠡᠴᠢᠯᠡᠭᠡ ᠦᠵᠡᠭᠦᠯᠦᠭᠰᠡᠨ ᠡᠴᠡ ᠢᠷᠭᠡᠨ ᠊ᠤ ᠪᠦᠷᠢᠳᠬᠡᠯ ᠤᠨ ᠴᠢᠭᠯᠡᠯ ᠊ᠢᠢᠡᠷ ᠑᠔᠕᠖ ᠦᠢᠯᠡᠴᠢᠯᠡᠭᠡ ᠊ᠢᠢ ᠬᠦᠷᠭᠡᠭᠡᠳ ᠪᠠᠶᠢᠨ᠎ᠠ᠃ ᠥᠨᠥᠳᠥᠷ ᠤᠨ ᠪᠠᠶᠢᠳᠠᠯ ᠊ᠢᠢᠠᠷ ᠲᠥᠷᠥ ᠊ᠢᠢᠨ ᠴᠠᠬᠢᠮ ᠦᠢᠯᠡᠴᠢᠯᠡᠭᠡᠨ ᠊ᠤ《ᠬᠤᠷᠳᠤᠨ》 ᠴᠡᠭᠡ ᠢ ᠮᠣᠩᠭᠣᠯ ᠤᠯᠤᠰ ᠤᠨ ᠬᠡᠮᠵᠢᠶᠡᠨ ᠊ᠳᠦ ᠑᠓᠐ ᠴᠡᠭᠡ ᠊ᠳᠦ ᠨᠡᠭᠡᠭᠡᠭᠰᠡᠨ ᠪᠣᠯ ᠡᠨᠡᠬᠦ ᠴᠡᠭᠡ ᠨᠢ ᠬᠢᠯᠢ ᠊ᠢᠢᠨ ᠴᠢᠨᠠᠳᠤ ᠊ᠳᠤ ᠨᠡᠭᠡᠭᠡᠭᠰᠡᠨ ᠙ ᠳ᠋ᠡᠬᠢ ᠤᠯᠤᠰ ᠤᠨ ᠑᠓ ᠳᠠᠬᠢ ᠴᠡᠭᠡ ᠪᠣᠯᠵᠤ ᠪᠠᠶᠢᠨ᠎ᠠ᠃

ᠴᠢᠨᠠᠭᠰᠢᠳᠠ ᠦᠢᠯᠡᠴᠢᠯᠡᠭᠡᠨ ᠊ᠤ ᠲᠥᠷᠥᠯ᠂ ᠲᠣᠭ᠎ᠠ ᠊ᠢᠢ ᠨᠡᠮᠡᠭᠳᠡᠭᠦᠯᠵᠦ᠂ ᠡᠨᠡ ᠣᠨ ᠊ᠳᠤ ᠪᠠᠭᠲᠠᠨ ᠕᠕ ᠪᠠᠶᠢᠭᠤᠯᠤᠯᠭ᠎ᠠ ᠊ᠢᠢᠨ ᠘᠐᠐ ᠣᠷᠴᠢᠮ ᠦᠢᠯᠡᠴᠢᠯᠡᠭᠡ ᠊ᠢᠢ ᠲᠥᠷᠥ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭᠡ ᠊ᠢᠢᠡᠷ ᠳᠠᠮᠵᠢᠭᠤᠯᠤᠨ ᠬᠦᠷᠭᠡᠬᠦ ᠪᠠ ᠴᠢᠨᠠᠭᠰᠢᠳᠠ ᠔᠐ ᠭᠠᠷᠤᠢ ᠳ᠋ᠢᠫᠯᠣᠮᠠᠲ ᠲᠥᠯᠥᠭᠡᠯᠡᠭᠴᠢ ᠊ᠢᠢᠨ ᠭᠠᠵᠠᠷ ᠊ᠢᠢᠠᠷ ᠳᠠᠮᠵᠢᠭᠤᠯᠤᠨ ᠲᠥᠷᠥ ᠊ᠢᠢᠨ ᠦᠢᠯᠡᠴᠢᠯᠡᠭᠡ ᠊ᠢᠢ ᠭᠠᠳᠠᠭᠠᠳᠤ ᠤᠯᠤᠰ ᠲᠤ ᠠᠵᠢᠯᠯᠠᠵᠤ᠂ ᠠᠮᠢᠳᠤᠷᠠᠵᠤ ᠪᠤᠢ ᠢᠷᠭᠡᠳ ᠲᠦ ᠪᠡᠨ ᠬᠦᠷᠭᠡᠬᠦ ᠪᠡᠷ ᠲᠥᠯᠥᠪᠯᠡᠨ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄